ᠡᠨᠡ ᠵᠢᠯ ᠬᠦᠦ ᠮᠥᠩᠭᠦ ᠶᠢ ᠬᠡᠯᠲᠦᠷᠢᠭᠦᠯᠵᠤ ᠡᠬᠡ ᠮᠥᠩᠭᠦ ᠶᠢ ᠬᠤᠶᠢᠰᠢᠯᠠᠭᠤᠯᠤᠨ ᠪᠤᠴᠠᠭᠠᠵᠤ ᠪᠤᠯᠤᠨ᠎ᠠ
ᠨᠡᠶᠢᠲᠡᠯᠡᠭᠰᠡᠨ ᠴᠠᠭ᠄
2025/4/3
      ᠡᠳ᠋ ᠤᠨ ᠵᠠᠰᠠᠭ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠦᠢᠷ᠎ᠠ ᠳᠤ ︽2025 ᠣᠨ ᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠬᠦ ᠵᠢᠴᠢ ᠡᠬᠡ ᠮᠥᠩᠭᠦ ᠶᠢ ᠬᠤᠶᠢᠰᠢᠯᠠᠭᠤᠯᠤᠨ ᠪᠤᠴᠠᠭᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠨᠡᠶᠢᠲᠡᠯᠡᠪᠡ᠃       ᠮᠡᠳᠡᠭᠳᠡᠯ ᠳᠤ ᠵᠢᠭᠠᠵᠤ ᠭᠠᠷᠭᠠᠬᠰᠠᠨ ᠨᠢ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ 2025 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠶᠢ ᠳᠡᠮᠵᠢᠬᠦ ᠶᠢᠨ ᠲᠥᠯᠥᠭᠡ᠂ ᠡᠳᠦᠭᠡ 2025 ᠣᠨ ᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠬᠦ ᠵᠢᠴᠢ ᠡᠬᠡ ᠮᠥᠩᠭᠦ ᠶᠢ ᠬᠤᠶᠢᠰᠢᠯᠠᠭᠤᠯᠤᠨ ᠪᠤᠴᠠᠭᠠᠬᠤ ᠠᠵᠢᠯ ᠢ ᠰᠠᠶᠢᠲᠤᠷ ᠬᠢᠬᠦ ᠲᠤᠬᠠᠢ ᠳᠣᠣᠷᠠᠬᠢ ᠮᠡᠲᠦ ᠮᠡᠳᠡᠭᠳᠡᠶ᠎ᠡ᠄       ᠨᠢᠭᠡ᠂ 2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ 2025 ᠣᠨ ᠵᠢᠴᠢ ᠲᠡᠭᠦᠨ ᠠᠴᠠ ᠡᠮᠦᠨᠡᠬᠢ ᠣᠨ ᠳᠤ ᠲᠡᠭᠦᠰᠦᠭᠰᠡᠨ ᠰᠤᠷᠤᠯᠭ᠎ᠠ ᠶᠢᠨ ᠳᠡᠳᠬᠦᠮᠵᠢ ᠶᠢᠨ ᠵᠢᠬᠡᠯᠡᠯᠭᠡ ᠵᠢᠭᠡᠯᠡᠭᠰᠡᠨ ᠰᠤᠷᠤᠬᠴᠢᠳ ᠤᠨ 2025 ᠣᠨ ᠤ ᠳᠣᠲᠣᠷ᠎ᠠ ᠪᠤᠴᠠᠭᠠᠬᠤ ᠶᠣᠰᠣᠲᠠᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠵᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠳᠠᠮ ᠬᠦᠦ ᠶᠢᠨ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠤ᠂ ᠬᠡᠯᠲᠦᠷᠢᠭᠦᠯᠦᠭᠰᠡᠨ ᠬᠦᠦ ᠮᠥᠩᠭᠦ ᠶᠢ ᠲᠥᠪ ᠤᠨ ᠡᠳ᠋ ᠤᠨ ᠵᠠᠰᠠᠭ ᠪᠣᠯᠣᠨ ᠣᠷᠣᠨ ᠨᠤᠲᠤᠭ ᠤᠨ ᠡᠳ᠋ ᠤᠨ ᠵᠠᠰᠠᠭ ᠠᠴᠠ ᠲᠤᠰ ᠲᠤᠰ ᠡᠭᠦᠷᠭᠡᠯᠡᠨ᠎ᠡ᠃       ᠬᠤᠶᠠᠷ᠂ 2025 ᠣᠨ ᠵᠢᠴᠢ ᠲᠡᠭᠦᠨ ᠠᠴᠠ ᠡᠮᠦᠨᠡᠬᠢ ᠣᠨ ᠳᠤ ᠲᠡᠭᠦᠰᠦᠭᠰᠡᠨ ᠰᠤᠷᠤᠯᠭ᠎ᠠ ᠶᠢᠨ ᠳᠡᠳᠬᠦᠮᠵᠢ ᠶᠢᠨ ᠵᠢᠭᠡᠯᠡᠯᠭᠡ ᠵᠢᠭᠡᠯᠡᠭᠰᠡᠨ ᠰᠤᠷᠤᠭᠴᠢᠳ ᠤᠨ 2025 ᠣᠨ ᠤ ᠳᠣᠲᠣᠷ᠎ᠠ ᠪᠤᠴᠠᠭᠠᠬᠤ ᠶᠣᠰᠣᠲᠠᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠡᠬᠡ ᠮᠥᠩᠭᠦ ᠶᠢ ᠵᠢᠭᠡᠯᠡᠯᠭᠡ ᠵᠢᠭᠡᠯᠡᠭᠰᠡᠨ ᠰᠤᠷᠤᠭᠴᠢᠳ ᠪᠡᠶ᠎ᠡ ᠪᠠᠨ ᠳᠠᠭᠠᠭᠠᠵᠤ ᠭᠤᠶᠤᠴᠢᠯᠠᠪᠠᠯ᠂ 1 ᠵᠢᠯ ᠬᠤᠶᠢᠰᠢᠯᠠᠭᠤᠯᠤᠨ ᠪᠤᠴᠠᠭᠠᠵᠤ ᠪᠣᠯᠣᠨ᠎ᠠ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠂ ᠵᠢᠭᠡᠯᠡᠯᠭᠡ ᠶᠢᠨ ᠬᠤᠭᠤᠴᠠᠭ᠎ᠠ ᠶᠢ ᠬᠠᠮᠤᠭ ᠤᠨ ᠣᠷᠳᠣ ᠳᠠᠭᠠᠨ 22 ᠵᠢᠯ ᠠᠴᠠ ᠬᠡᠲᠦᠷᠡᠭᠦᠯᠵᠦ ᠪᠣᠯᠬᠤ ᠦᠭᠡᠢ᠂ ᠬᠤᠭᠤᠴᠠᠭ᠎ᠠ ᠤᠷᠲᠤᠳᠬᠠᠭᠰᠠᠨ ᠵᠢᠭᠡᠯᠡᠯᠭᠡ ᠳᠤ ᠲᠣᠷᠭᠠᠭᠤᠯᠢ ᠶᠢᠨ ᠬᠦᠦ ᠪᠠ ᠳᠠᠪᠬᠤᠷ ᠬᠦᠦ ᠪᠤᠳᠤᠵᠤ ᠪᠣᠯᠬᠤ ᠦᠭᠡᠢ᠂ ᠲᠦᠭᠰᠢᠭᠦᠷᠢ ᠶᠢᠨ ᠲᠥᠷᠥᠯ ᠢᠯᠭᠠᠯ ᠢ ᠲᠦᠷ ᠪᠠᠭᠤᠷᠠᠭᠤᠯᠬᠤ ᠦᠭᠡᠢ᠃       ᠭᠤᠷᠪᠠ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠳᠠᠭᠠᠭᠠᠴᠢᠯᠠᠨ ᠡᠷᠬᠢᠯᠡᠭᠰᠡᠨ ᠪᠠᠩᠬᠢ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠵᠢᠭᠡᠯᠡᠯᠭᠡ ᠶᠢᠨ ᠲᠣᠬᠢᠷᠠᠭᠤᠯᠤᠯᠲᠠ ᠶᠣᠰᠣᠭᠠᠷ ᠮᠡᠳᠡᠭᠡ ᠵᠠᠩᠭᠢ ᠪᠠᠨ ᠴᠤᠭᠯᠠᠭᠤᠯᠵᠥ ᠮᠡᠳᠡᠭᠦᠯᠦᠨ ᠬᠦᠷᠭᠡᠬᠦ ᠬᠡᠷᠡᠭᠲᠡᠢ᠂ ᠨᠢᠭᠡᠨᠲᠡ ᠮᠡᠳᠡᠭᠦᠯᠦᠨ ᠬᠦᠷᠭᠡᠭᠰᠡᠨ ᠪᠣᠯ ᠲᠣᠬᠢᠷᠠᠭᠤᠯᠤᠯᠲᠠ ᠬᠢᠬᠦ ᠬᠡᠷᠡᠭᠲᠡᠢ᠃ ᠲᠣᠰ ᠮᠡᠳᠡᠭᠳᠡᠯ ᠳᠤ ᠲᠣᠭᠲᠠᠭᠠᠭᠰᠠᠨ ᠦᠭᠡᠢ ᠵᠦᠢᠯᠡᠰ ᠢ ᠣᠲᠣ ᠶᠢᠨ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠣᠰᠣᠭᠠᠷ ᠬᠡᠷᠡᠭᠵᠢᠭᠦᠯᠦᠨ᠎ᠡ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ