ᠬᠠᠤᠯᠢ ᠲᠦᠬᠡᠮᠡᠯᠵᠢᠬᠦᠯᠬᠦ ᠪᠤᠯ ᠪᠠᠶᠢᠴᠠᠭᠠᠬᠤ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠶᠢᠨ ᠨᠢᠬᠡ ᠶᠤᠮ᠃ ᠲᠡᠭᠡᠪᠡᠯ᠂ ᠤᠷᠳᠤᠰ ᠬᠤᠳᠠ ᠶᠢᠨ ᠳ᠋ᠦᠩᠱᠤᠩ | ᠲᠤᠭᠤᠷᠢᠬ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠡᠬᠦᠰᠬᠡᠨ ᠪᠠᠶᠢᠭᠤᠯᠤᠬᠰᠠᠨ ︽ᠨᠠᠬᠢᠶ᠎ᠠ ᠶᠢ ᠰᠠᠬᠢᠨ ᠬᠠᠮᠠᠭᠠᠯᠠᠬᠤ︾ ᠲᠦᠷᠦᠯ ᠲᠡᠮᠳᠡᠭ ᠨᠢ ᠬᠠᠤᠯᠢ | ᠲᠦᠬᠡᠮᠡᠯᠵᠢᠬᠦᠯᠬᠦ ᠰᠢᠨ᠎ᠡ ᠵᠠᠬᠪᠤᠷ ᠢ ᠬᠠᠶᠢᠨ ᠰᠦᠪᠡᠭᠴᠢᠯᠡᠭᠰᠡᠨ ᠶᠤᠮ᠃ | 2021 ᠣᠨ ᠠᠴᠠ ᠨᠠᠭᠠᠰᠢ᠂ ︽ᠨᠠᠬᠢᠶ᠎ᠠ ᠶᠢ ᠰᠠᠬᠢᠨ ᠬᠠᠮᠠᠭᠠᠯᠠᠬᠤ︾ ᠪᠦᠯᠬᠦᠮ ᠲᠤᠬᠠᠢ ᠶᠢᠨ ᠭᠠᠵᠠᠷ ᠢᠶᠠᠷ ᠠᠰᠠᠭᠤᠵᠤ ᠰᠤᠷᠪᠤᠯᠵᠢᠯᠠᠬᠤ᠂ ᠬᠠᠤᠯᠢ ᠪᠠᠷ ᠵᠠᠰᠠᠬᠤ | ᠨᠣᠮ ᠪᠢᠴᠢᠭ ᠬᠦᠷᠭᠡᠬᠦ ᠵᠡᠷᠭᠡ ᠬᠡᠯᠪᠡᠷᠢ ᠪᠠᠷ ᠤᠷᠢᠳ ᠬᠤᠵᠢᠳ 40 ᠭᠠᠷᠤᠢ ᠰᠤᠷᠭᠠᠭᠤᠯᠢ ᠳᠤ ᠬᠦᠷᠴᠦ ︽ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ 2 ᠲᠦᠮᠡ ᠭᠠᠷᠤᠢ ᠰᠣᠷᠣᠭᠴᠢ ᠵᠢᠴᠢ ᠭᠡᠷ ᠤᠨ ᠠᠬᠠᠮᠠᠳ ᠢ ᠬᠠᠮᠤᠷᠴᠠᠢ᠃ | | ︽ᠨᠠᠬᠢᠶ᠎ᠠ ᠶᠢ ᠰᠠᠬᠢᠨ ᠬᠠᠮᠠᠭᠠᠯᠠᠬᠤ︾ ᠪᠦᠯᠬᠦᠮ ᠬᠠᠤᠯᠢ ᠲᠦᠭᠡᠮᠡᠯᠵᠢᠭᠦᠯᠬᠦ ᠰᠢᠨ᠎ᠡ ᠵᠠᠭᠪᠤᠷ ᠢ ᠰᠦᠪᠡᠭᠴᠢᠯᠡᠭᠰᠡᠭᠡᠷ ᠢᠷᠡᠵᠡᠶ᠃ ᠲᠣᠰ ᠪᠦᠯᠬᠦᠮ ᠤᠨ ᠡᠭᠦᠳᠦᠨ | ᠪᠠᠶᠢᠭᠤᠯᠤᠭᠰᠠᠨ ︽ᠨᠠᠬᠢᠶ᠎ᠠ ᠶᠢ ᠰᠠᠬᠢᠨ ᠬᠠᠮᠠᠭᠠᠯᠠᠬᠤ︾ ᠵᠢᠷᠬᠢᠶ᠎ᠡ ᠶᠢᠨ ᠣᠯᠠᠨ ᠨᠡᠶᠢᠲᠡ ᠶᠢᠨ ᠳ᠋ᠤᠭᠠᠷ ᠨᠢ ᠬᠠᠤᠯᠢ ᠲᠣᠭᠲᠠᠭᠠᠯ᠂ ᠠᠵᠢᠯ ᠤᠨ ᠪᠠᠶᠢᠳᠠᠯ᠂ ᠬᠡᠷᠡᠭ ᠤᠨ | ᠮᠡᠳᠡᠭᠡ ᠵᠠᠩᠭᠢ ᠵᠡᠷᠭᠡ ᠶᠢ 890 ᠬᠤᠭᠤᠴᠠᠭ᠎ᠠ ᠨᠡᠶᠢᠲᠡᠯᠡᠵᠦ᠂ ᠬᠠᠤᠯᠢ ᠲᠦᠭᠡᠮᠡᠯᠵᠢᠭᠦᠯᠬᠦ ᠰᠢᠷᠢᠰ ᠣᠬᠤᠷ ᠸᠢᠳᠢᠤ᠋ ︽ᠨᠠᠬᠢᠶ᠎ᠠ ᠶᠢ ᠰᠠᠬᠢᠨ ᠬᠠᠮᠠᠭᠠᠯᠠᠬᠤ ᠬᠢᠴᠢᠶᠡᠯ ᠤᠨ | ᠲᠠᠩᠬᠢᠮ︾ ᠢ ᠨᠡᠶᠢᠳᠡᠯᠡᠵᠡᠢ᠃ ︽ᠨᠠᠬᠢᠶ᠎ᠠ ᠶᠢ ᠰᠠᠬᠢᠨ ᠬᠠᠮᠠᠭᠠᠯᠠᠬᠤ︾ ᠵᠢᠷᠬᠢᠶ᠎ᠡ ᠶᠢᠨ ᠤᠯᠠᠨ ᠨᠡᠶᠢᠲᠡ ᠶᠢᠨ ᠳ᠋ᠤᠭᠠᠷ ᠨᠢ 2 ᠲᠦᠮᠡ ᠭᠠᠷᠤᠢ ᠬᠥᠮᠥᠨ ᠳᠤ | ᠠᠩᠬᠠᠷᠤᠭᠳᠠᠵᠤ᠂ ᠪᠠᠶᠢᠴᠠᠭᠠᠬᠤ ᠲᠤᠰᠢᠶᠠᠯᠳᠠᠳ ᠦᠭᠡ ᠦᠯᠡᠳᠡᠭᠡᠬᠦ ᠲᠣᠭᠤᠷᠢᠭ ᠤᠨ ᠠᠭᠤᠯᠭ᠎ᠠ ᠠᠴᠠ ᠭᠥᠯᠢᠶᠡᠨ ᠠᠪᠤᠭᠴᠢᠳ ᠤᠨ ᠬᠡᠷᠡᠭᠴᠡᠭᠡ ᠱᠠᠭᠠᠷᠳᠠᠯᠭ᠎ᠠ ᠶᠢ | ᠨᠠᠷᠢᠨ ᠬᠢᠨᠠᠮᠠᠭᠠᠢ ᠰᠤᠳᠤᠯᠤᠨ ᠮᠠᠭᠠᠳᠯᠠᠭᠰᠠᠨ ᠪᠥᠭᠡᠳ ᠡᠭᠦᠨ ᠤ ᠳᠤᠮᠳᠠ ᠠᠴᠠ ᠨᠠᠰᠤᠨ ᠳᠤ ᠥᠯᠥ ᠬᠦᠷᠦᠭᠰᠡᠳ ᠲᠤ ᠬᠤᠯᠪᠣᠭᠳᠠᠭᠰᠠᠨ 2 ᠬᠡᠷᠡᠭ ᠤᠨ | ᠰᠦᠪᠡᠭᠴᠢ ᠶᠢ ᠢᠯᠡᠷᠡᠭᠦᠯᠪᠡ᠃ | ᠲᠣᠰ ᠪᠠᠶᠢᠴᠠᠭᠠᠬᠤ ᠬᠤᠷᠢᠶ᠎ᠠ ᠪᠠᠰᠠ ᠥᠪᠥᠷ ᠮᠣᠩᠭᠤᠯ ᠤᠨ ᠪᠠᠶᠢᠴᠠᠭᠠᠬᠤ ᠪᠠᠶᠢᠭᠤᠯᠭ᠎ᠠ ᠶᠢᠨ ᠠᠩᠬᠠᠳᠠᠭᠴᠢ ᠨᠠᠰᠤᠨ ᠳᠤ ᠥᠯᠥ ᠭᠦᠷᠦᠭᠰᠡᠳ ᠤᠨ ᠠᠮᠢ | ᠠᠬᠤᠢ ᠶᠢᠨ ᠬᠥᠮᠦᠵᠢᠯ ᠤᠨ ᠬᠠᠷᠠᠵᠤ ᠬᠠᠮᠠᠭᠠᠯᠠᠬᠤ ᠰᠠᠭᠤᠷᠢᠨ ᠢ ᠪᠠᠶᠢᠭᠤᠯᠪᠠ᠃ ᠲᠣᠰ ᠰᠠᠭᠤᠷᠢᠨ ᠨᠢ ᠨᠡᠶᠢᠲᠡ ᠶᠢᠨ ᠠᠰᠠᠷᠠᠮᠵᠢ ᠶᠢᠨ ᠠᠮᠢ ᠠᠬᠤᠢ ᠶᠢᠨ | ᠬᠥᠮᠦᠵᠢᠯ ᠳᠤ ᠰᠠᠭᠤᠷᠢᠯᠠᠨ᠂ ᠨᠥᠬᠦᠵᠦ ᠳᠠᠷᠢᠵᠤ ᠨᠣᠭᠤᠭᠠᠷᠠᠭᠤᠯᠬᠤ ᠴᠢᠳᠠᠮᠵᠢ ᠶᠢᠨ ᠣᠷᠣᠨ᠂ ᠶᠠᠯ᠎ᠠ ᠳᠤ ᠬᠤᠯᠪᠣᠭᠳᠠᠭᠰᠠᠨ ᠨᠠᠰᠤᠨ ᠳᠤ ᠥᠯᠥ ᠭᠦᠷᠦᠭᠰᠡᠳ ᠢ | ᠬᠠᠷᠠᠵᠤ ᠬᠠᠮᠠᠭᠠᠯᠠᠵᠤ ᠬᠠᠪᠰᠤᠷᠤᠨ ᠰᠤᠷᠭᠠᠬᠤ ᠣᠷᠣᠨ᠂ ᠨᠠᠰᠤᠨ ᠳᠤ ᠥᠯᠥ ᠭᠦᠷᠦᠭᠰᠡᠳ ᠤᠨ ᠨᠡᠶᠢᠭᠡᠮ ᠤᠨ ᠦᠢᠯᠡᠳᠦᠯᠭᠡ ᠶᠢᠨ ᠣᠷᠣᠨ ᠵᠡᠷᠭᠡ ᠣᠯᠠᠨ ᠴᠢᠳᠠᠮᠵᠢᠲᠤ | ᠣᠷᠣᠨ ᠢ ᠪᠠᠶᠢᠭᠤᠯᠵᠤ᠂ ᠠᠳᠠᠯᠢ ᠪᠤᠰᠤ ᠪᠡᠶᠡᠴᠢ ᠴᠣᠭᠴᠠ ᠳᠤ ᠴᠢᠭᠯᠡᠭᠦᠯᠦᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠵᠡᠷᠭᠡ ᠠᠵᠢᠯᠯᠠᠭ᠎ᠠ ᠶᠢ ᠥᠷᠨᠢᠭᠦᠯᠵᠦ | ᠪᠣᠯᠣᠨ᠎ᠠ᠃ | ᠶᠡᠷᠦᠩᠬᠡᠶᠢᠯᠡᠪᠡᠯ᠂ ᠡᠨᠡ ᠬᠦ ᠪᠠᠶᠢᠴᠠᠭᠠᠬᠤ ᠰᠤᠶᠤᠯ ᠤᠨ ᠲᠦᠷᠦᠯ ᠲᠡᠮᠳᠡᠭ ᠨᠢ ᠪᠠᠶᠢᠴᠠᠭᠠᠬᠤ ᠠᠵᠢᠯ ᠤᠨ ᠰᠢᠨ᠎ᠡ ᠶᠢ ᠡᠬᠦᠳᠬᠦ ᠵᠤᠷᠢᠬ ᠰᠠᠨᠠᠭ᠎ᠠ ᠶᠢ | ᠪᠠᠳᠠᠷᠠᠭᠤᠯᠤᠨ᠂ ᠰᠢᠨ᠎ᠡ ᠦᠷ᠎ᠡ ᠪᠦᠳᠦᠬᠡᠯ ᠢ ᠢᠯᠡᠷᠡᠬᠦᠯᠵᠦ᠂ ᠬᠠᠤᠯᠢ ᠲᠦᠬᠡᠮᠡᠯᠵᠢᠬᠦᠯᠬᠦ ᠰᠢᠨ᠎ᠡ ᠵᠠᠬᠪᠤᠷ ᠢ ᠡᠬᠦᠳᠦᠨ ᠪᠠᠶᠢᠭᠤᠯᠵᠤ᠂ ᠪᠠᠶᠢᠴᠠᠭᠠᠬᠤ ᠪᠠᠶᠢᠭᠤᠯᠭ᠎ᠠ ᠶᠢᠨ | ᠰᠢᠨ᠎ᠡ ᠠᠵᠢᠯ ᠤᠨ ᠠᠮᠵᠢᠯᠳᠠ ᠪᠦᠳᠦᠮᠵᠢ ᠶᠢ ᠪᠦᠳᠦᠬᠡᠬᠦ ᠰᠢᠷᠬᠢᠰᠢ ᠦᠬᠡᠢ ᠡᠬᠢ ᠪᠤᠯᠠᠬ ᠪᠤᠯᠤᠬᠰᠠᠨ ᠪᠠᠶᠢᠨ᠎ᠠ᠃ |