ᠲᠠ ᠠᠮᠢ ᠨᠠᠰᠤᠨ ᠤ ᠤᠷᠲᠤ ᠶᠢᠨ ᠬᠡᠮᠵᠢᠶ᠎ᠡ ᠶᠢ ᠬᠤᠪᠢᠷᠠᠭᠤᠯᠵᠤ ᠴᠢᠳᠠᠬᠤ ᠦᠭᠡᠢ᠂ ᠭᠡᠪᠡᠴᠦ ᠠᠮᠢ ᠨᠠᠰᠤᠨ ᠤ ᠥᠷᠭᠡᠴᠡ ᠶᠢ ᠲᠣᠭᠲᠠᠭᠠᠵᠤ ᠴᠢᠳᠠᠨ᠎ᠠ᠃ | ᠬᠠᠨᠳᠢᠪᠯᠠᠨ ᠡᠷᠭᠦᠭᠰᠡᠳ ᠪᠠ ᠰᠠᠶᠢᠨ ᠳᠤᠷᠠᠴᠤᠤᠯ ᠬᠠᠶᠢᠷ᠎ᠠ ᠬᠠᠯᠠᠮᠵᠢ ᠪᠠᠷ ᠠᠮᠢ ᠨᠠᠰᠤᠨ ᠤ ᠦᠨ᠎ᠡ ᠦᠷᠳᠡᠭ ᠢ ᠡᠭᠦᠷᠢᠳᠡ ᠡᠳ᠋ᠯᠡᠭᠦᠯᠵᠦ᠂ ᠦᠢᠯᠡ | ᠠᠵᠢᠯᠯᠠᠭ᠎ᠠ ᠪᠠᠷ ᠢᠶᠠᠨ ᠡᠷᠬᠡᠲᠡᠨ ᠢᠶᠠᠨ ᠬᠠᠨᠳᠢᠪᠯᠠᠬᠤ ᠡᠷᠬᠢᠮ ᠳᠡᠭᠡᠳᠦ ᠠᠴᠢ ᠬᠤᠯᠪᠣᠭᠳᠠᠯ ᠢ ᠣᠯᠭᠤᠵᠤ ᠪᠠᠶᠢᠨ᠎ᠠ᠃ ᠬᠤᠰᠢᠭᠤᠨ ᠤ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ 4 ᠰᠠᠷ᠎ᠠ ᠶᠢᠨ 2 ᠤᠨ ᠡᠳᠦᠷ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ | ᠲᠥᠪ᠂ ᠠᠷᠠᠳ ᠤᠨ ᠡᠮᠨᠡᠯᠭᠡ ᠶᠢᠨ ᠬᠤᠷᠢᠶ᠎ᠠ᠂ ᠤᠮᠠᠷᠠᠲᠤ ᠬᠢᠯᠢ ᠶᠢᠨ ᠠᠭᠤᠷᠬᠠᠶ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠥᠯᠥᠨ ᠪᠤᠶᠢᠷ ᠤᠨ | ᠰᠢᠨ᠎ᠡ ᠪᠠᠷᠭᠤ ᠪᠠᠷᠠᠭᠤᠨ ᠬᠤᠰᠢᠭᠤᠨ ᠤ ᠠᠩᠭᠢ ᠲᠠᠢ ᠬᠠᠮᠲᠤᠷᠠᠨ ᠰᠡᠭᠡᠭᠡᠲᠡᠨ ᠠᠭᠤᠳᠠᠮ ᠲᠠᠯᠠᠪᠠᠶ ᠳᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠰᠠᠷ᠎ᠠ ᠶᠢᠨ | ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ︽ᠠᠮᠢ ᠨᠠᠰᠤ · ᠬᠦᠰᠡᠯ ᠡᠷᠡᠮᠡᠯᠵᠡᠯ︾ ᠢᠶᠠᠷ ᠭᠤᠤᠯ ᠰᠡᠳᠦᠪ ᠪᠣᠯᠭᠠᠵᠤ᠂ ᠣᠯᠠᠨ ᠬᠡᠯᠪᠡᠷᠢ ᠪᠠᠷ | ᠰᠠᠭᠤᠭᠠᠯᠢ ᠠᠷᠠᠳ ᠲᠤ ᠡᠷᠬᠡᠲᠡᠨ ᠢᠶᠠᠨ ᠬᠠᠨᠳᠢᠪᠯᠠᠬᠤ ᠮᠡᠳᠡᠯᠭᠡ ᠶᠢ ᠲᠦᠭᠡᠮᠡᠯᠵᠢᠭᠦᠯᠵᠦ᠂ ᠠᠮᠢ ᠨᠠᠰᠤᠨ ᠤ ᠬᠠᠶᠢᠷ᠎ᠠ ᠬᠠᠯᠠᠮᠵᠢ ᠶᠢ ᠳᠠᠮᠵᠢᠭᠤᠯᠪᠠ᠃ | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ︽ᠠᠮᠢ ᠨᠠᠰᠤ · ᠬᠦᠰᠡᠯ ᠡᠷᠡᠮᠡᠯᠵᠡᠯ︾ - ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠰᠠᠷ᠎ᠠ︾ ᠵᠡᠷᠭᠡ ᠢᠯᠡ | ᠲᠣᠳᠣ ᠤᠷᠢᠶ᠎ᠠ ᠯᠣᠽᠦ᠋ᠩ ᠡᠯᠭᠦᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠴᠢᠳ ᠲᠤᠬᠠᠢ ᠶᠢᠨ ᠲᠠᠯᠠᠪᠠᠢ ᠳᠤ | ᠲᠠᠶᠢᠯᠪᠤᠷᠢᠯᠠᠯᠳᠠ ᠶᠢᠨ ᠠᠷᠭ᠎ᠠ ᠬᠡᠯᠪᠡᠷᠢ ᠪᠠᠷ ᠤᠯᠠᠨ ᠳᠤ ᠡᠷᠬᠡᠲᠡᠨ ᠢᠶᠠᠨ ᠬᠠᠨᠳᠢᠪᠯᠠᠬᠤ ᠠᠵᠢᠯᠯᠠᠭ᠎ᠠ᠂ ᠬᠡᠷᠬᠢᠨ ᠦᠭᠡᠷ᠎ᠡ ᠠᠷᠭ᠎ᠠ ᠬᠡᠯᠪᠡᠷᠢ ᠪᠠᠷ ᠠᠮᠢ ᠨᠠᠰᠤ ᠪᠠᠨ | ᠦᠷᠭᠦᠯᠵᠢᠯᠡᠭᠦᠯᠬᠦ ᠶᠢᠨ ᠬᠠᠮᠲᠤ ᠤᠯᠠᠨ ᠲᠦᠮᠡᠨ ᠳᠤ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ᠂ ᠴᠢᠰᠤ ᠪᠦᠲᠦᠭᠡᠬᠦ ᠭᠤᠣᠯ ᠡᠰ ᠢᠶᠠᠨ ᠬᠠᠨᠳᠢᠪᠯᠠᠬᠤ | ᠮᠡᠳᠡᠯᠭᠡ᠂ ᠲᠦᠷᠦ ᠶᠢᠨ ᠪᠤᠳᠤᠯᠭ᠎ᠠ ᠬᠠᠨᠳᠢᠪᠯᠠᠬᠤ ᠨᠥᠬᠦᠴᠡᠯ ᠵᠡᠷᠭᠡ ᠶᠢ ᠤᠬᠠᠭᠤᠯᠵᠤ᠂ ᠤᠯᠠᠨ ᠤ ᠵᠥᠪ ᠦᠵᠡᠯᠲᠡ ᠲᠠᠢ ᠪᠣᠯᠬᠤ ᠶᠢ ᠵᠣᠷᠢᠭᠵᠢᠭᠤᠯᠵᠤ᠂ | ᠡᠷᠬᠡᠲᠡᠨ ᠨᠢ ᠡᠨᠡᠬᠦ ᠠᠭᠤᠤ ᠶᠡᠭᠡ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠨᠳᠢᠪᠯᠠᠬᠤ ᠶᠢ ᠳᠡᠮᠵᠢᠪᠡ᠃ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠨᠠᠭᠠᠰᠢ | ᠴᠠᠭᠠᠰᠢ ᠶᠠᠪᠤᠵᠤ ᠪᠠᠶᠢᠭ᠎ᠠ ᠤᠯᠠᠨ ᠲᠦᠮᠡᠨ ᠳᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠤᠬᠠᠭᠤᠯᠬᠤ | ᠬᠠᠭᠤᠳᠠᠰᠤ ᠶᠢᠨ ᠠᠭᠤᠯᠭ᠎ᠠ ᠨᠢ ᠪᠠᠶᠠᠯᠢᠭ ᠪᠠᠶᠢᠵᠤ᠂ ᠡᠷᠬᠡᠲᠡᠨ ᠢᠶᠠᠨ ᠬᠠᠨᠳᠢᠪᠯᠠᠬᠤ ᠠᠴᠢ ᠬᠤᠯᠪᠣᠭᠳᠠᠯ᠂ ᠶᠠᠪᠤᠴᠠ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠢ ᠬᠠᠮᠤᠷᠪᠠ᠃ ᠡᠭᠦᠨ ᠤ ᠬᠠᠮᠲᠤ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠨᠠᠰᠤᠲᠠᠶᠢᠴᠤᠳ ᠲᠤ ᠢᠳᠡᠪᠬᠢᠲᠡᠶ ᠪᠠᠷ ᠭᠡᠷᠡᠯ ᠭᠡᠭᠡ ᠶᠢᠨ | ᠠᠶᠠᠯᠠᠯ᠂ ᠬᠠᠪᠰᠤᠷᠤᠨ ᠲᠤᠰᠠᠯᠠᠬᠤ᠂ ᠦᠨ᠎ᠡ ᠲᠥᠯᠥᠪᠦᠷᠢ ᠦᠭᠡᠢ ᠪᠠᠷ ᠴᠢᠰᠤ ᠥᠭᠬᠦ ᠲᠥᠷᠥ ᠶᠢᠨ ᠪᠣᠳᠣᠯᠭ᠎ᠠ ᠶᠢ ᠤᠬᠠᠭᠤᠯᠵᠤ᠂ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠪᠠ ᠰᠠᠭᠤᠭᠠᠯᠢ ᠠᠷᠠᠳ ᠤᠨ ᠮᠠᠳᠠᠭ ᠲᠠᠢ ᠠᠰᠠᠭᠤᠳᠠᠯ ᠳᠤ ᠴᠢᠭᠯᠡᠭᠦᠯᠦᠨ᠂ ᠠᠵᠢᠯᠲᠠᠳ ᠬᠦᠯᠢᠴᠡᠩᠭᠦᠶ ᠪᠠᠷ ᠬᠠᠷᠢᠭᠤᠯᠲᠠ ᠥᠭᠴᠦ᠂ ᠣᠯᠠᠨ ᠤ | ᠰᠡᠳᠬᠢᠯ ᠤᠨ ᠡᠷᠡᠭᠡᠯᠵᠡᠭᠡ ᠶᠢ ᠠᠷᠢᠯᠭᠠᠨ᠂ ᠣᠯᠠᠨ ᠲᠦᠮᠡᠨ ᠤ ᠡᠷᠬᠡᠲᠡᠨ ᠢᠶᠠᠨ ᠬᠠᠨᠳᠢᠪᠯᠠᠬᠤ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠦᠨᠡᠨᠬᠦ | ᠳᠡᠭᠡᠭᠰᠢᠯᠡᠭᠦᠯᠪᠡ᠃ | | | | ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 350 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ | ᠨᠠᠩ ᠣᠯᠠᠨ ᠬᠥᠮᠦᠨ ᠳᠤ ᠡᠷᠬᠡᠲᠡᠨ ᠢᠶᠠᠨ ᠬᠠᠨᠳᠢᠪᠯᠠᠬᠤ ᠶᠢ ᠣᠶᠢᠯᠠᠭᠠᠭᠤᠯᠵᠤ᠂ ᠡᠷᠬᠡᠲᠡᠨ ᠢᠶᠠᠨ ᠬᠠᠨᠳᠢᠪᠯᠠᠬᠤ ᠶᠢ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ | ᠪᠣᠶ ᠪᠣᠯᠭᠠᠪᠠ᠃ ᠢᠷᠡᠭᠡᠳᠦᠶ ᠳᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠦᠷᠭᠦᠯᠵᠢᠯᠡᠨ ᠴᠢᠷᠮᠠᠶᠢᠵᠤ᠂ ᠬᠥᠮᠦᠨ ᠤ ᠪᠡᠶ᠎ᠡ ᠶᠢᠨ ᠡᠷᠬᠡᠲᠡᠨ ᠤ ᠠᠵᠢᠯ ᠦᠢᠯᠡᠰ ᠤᠨ | ᠬᠥᠭᠵᠢᠯᠲᠡ ᠶᠢ ᠠᠬᠢᠭᠤᠯᠵᠤ᠂ ᠨᠠᠩ ᠣᠯᠠᠨ ᠠᠮᠢ ᠨᠠᠰᠤ ᠶᠢ ᠡᠨᠡ ᠬᠦ ᠶᠡᠭᠡ ᠬᠠᠶᠢᠷ᠎ᠠ ᠠᠴᠠ ᠦᠷᠭᠦᠯᠵᠢᠯᠡᠭᠦᠯᠦᠨ᠎ᠡ᠃ | | |