ᠣᠯᠠᠨ ᠲᠦᠮᠡᠨ ᠤ ᠬᠠᠤᠯᠢ ᠴᠠᠭᠠᠵᠠ ᠶᠢᠨ ᠲᠠᠨᠢᠯᠲᠠ ᠶᠢ ᠳᠡᠭᠡᠭᠰᠢᠯᠡᠭᠦᠯᠵᠦ᠂ ᠪᠦᠬᠦ ᠠᠷᠠᠳ ᠤᠨ ᠬᠠᠤᠯᠢ ᠶᠢ ᠰᠠᠬᠢᠬᠤ ᠤᠬᠠᠮᠰᠠᠷ ᠢ ᠴᠢᠩᠭᠠᠳᠬᠠᠨ᠂ | ᠨᠡᠶᠢᠭᠡᠮ ᠤᠨ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠥᠯᠥᠭᠡ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠣᠶᠢᠷ᠎ᠠ ᠳᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ | ᠪᠠᠶᠢᠭᠤᠯᠵᠤ ᠥᠷᠨᠢᠭᠦᠯᠪᠡ᠃ | | | | ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠯᠠᠨ ᠵᠦᠢᠯ ᠤᠨ ᠬᠡᠯᠪᠡᠷᠢ ᠪᠠᠷ | ᠤᠬᠠᠭᠤᠯᠭ᠎ᠠ ᠥᠷᠨᠢᠭᠦᠯᠪᠡ᠃ ᠬᠥᠮᠦᠨ ᠬᠠᠷ᠎ᠠ ᠲᠥᠪᠯᠡᠷᠡᠭᠰᠡᠨ ᠠᠭᠤᠳᠠᠮ ᠲᠠᠯᠠᠪᠠᠶ᠂ ᠬᠤᠳᠠᠯᠳᠤᠭᠠᠨ ᠤ ᠳᠡᠯᠭᠡᠭᠦᠷ᠂ ᠵᠣᠴᠢᠳ ᠤᠨ ᠪᠠᠭᠤᠳᠠᠯ ᠵᠡᠷᠭᠡ ᠭᠠᠵᠠᠷ ᠲᠤ | ᠤᠬᠠᠭᠤᠯᠭ᠎ᠠ ᠶᠢᠨ ᠴᠡᠭ ᠭᠠᠷᠭᠠᠵᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠨ᠂ ᠣᠯᠠᠨ ᠲᠦᠮᠡᠨ ᠤ ᠠᠩᠬᠠᠷᠤᠯ ᠢ ᠲᠠᠲᠠᠪᠠ᠃ | ᠠᠷᠠᠳ ᠤᠨ ᠴᠠᠭᠳᠠᠭ᠎ᠠ ᠬᠠᠯᠠᠭᠤᠮᠰᠤᠭ ᠬᠦᠯᠢᠴᠡᠩᠭᠦᠶ ᠪᠠᠷ ᠤᠬᠠᠭᠤᠯᠵᠤ᠂ ᠭᠤᠤᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ | ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠶᠢᠨ ᠬᠠᠤᠯᠢ ᠴᠠᠭᠠᠵᠠ ᠶᠢᠨ ᠵᠦᠢᠯ ᠵᠤᠷᠪᠤᠰ ᠵᠢᠴᠢ ᠲᠠᠶᠢᠯᠪᠤᠷᠢᠯᠠᠯᠲᠠ ᠶᠢᠨ ᠤᠳᠬ᠎ᠠ ᠪᠠᠷ ᠨᠢ ᠭᠦᠨᠵᠡᠭᠡᠶ | ᠤᠬᠠᠭᠤᠯᠵᠤ᠂ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠢ ᠨᠢᠭᠲᠠ ᠤᠶᠠᠯᠳᠤᠭᠤᠯᠬᠤ ᠶᠢᠨ ᠬᠠᠮᠲᠤ᠂ ᠦᠨᠡᠨ ᠪᠣᠳᠠᠲᠠᠶ ᠬᠡᠷᠡᠭ ᠤᠨ ᠵᠢᠱᠢᠶ᠎ᠡ ᠪᠠᠷ ᠣᠯᠠᠨ | ᠲᠦᠮᠡᠨ ᠤ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠬᠠᠤᠯᠢ ᠴᠠᠭᠠᠵᠠ ᠬᠠᠤᠯᠢ ᠲᠣᠭᠲᠠᠭᠠᠯ ᠢ | ᠵᠢᠷᠤᠮᠯᠠᠭᠤᠯᠵᠤ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠶᠢ ᠬᠥᠲᠥᠯᠦᠨ ᠵᠢᠯᠤᠭᠤᠳᠪᠠ᠃ | | | | ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠰᠢᠨ᠎ᠡ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠵᠤ ᠤᠬᠠᠭᠤᠯᠭ᠎ᠠ ᠶᠢᠨ ᠬᠠᠮᠤᠷᠬᠤ | ᠬᠡᠪᠴᠢᠶ᠎ᠡ ᠶᠢ ᠦᠷᠭᠡᠳᠬᠡᠪᠡ᠃ ᠸᠢᠴᠠᠲ ᠤᠨ ᠨᠡᠶᠢᠲᠡ ᠶᠢᠨ ᠳ᠋ᠤᠭᠠᠷ ᠤᠨ ᠲᠠᠪᠴᠠᠩ ᠢᠶᠠᠷ ᠳᠠᠮᠵᠢᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠶᠢᠨ ᠬᠠᠮᠢᠶ᠎ᠠ ᠪᠥᠬᠦᠶ ᠮᠡᠳᠡᠯᠭᠡ ᠶᠢᠨ ᠵᠢᠷᠤᠭ ᠪᠢᠴᠢᠭ᠂ ᠬᠠᠷᠠᠭᠠᠨ ᠳᠠᠪᠲᠠᠮᠵᠢ ᠶᠢ ᠨᠡᠶᠢᠲᠡᠯᠡᠵᠦ᠂ | ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠬᠠᠤᠯᠢ ᠴᠠᠭᠠᠵᠠ ᠶᠢᠨ ᠵᠦᠢᠯ ᠵᠤᠷᠪᠤᠰ ᠢ ᠲᠠᠶᠢᠯᠪᠤᠷᠢᠯᠠᠪᠠ᠃ | ᠳᠣᠰ ᠣᠳᠠᠭᠠᠨ ᠤ ᠣᠬᠠᠭᠤᠯᠭ᠎ᠠ ᠶᠢᠨ ᠠᠵᠢᠯᠯᠠᠭ᠎ᠠ ᠨᠢ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠳᠣᠪᠴᠢᠶ᠎ᠠ ᠶᠢᠨ ᠠᠮᠣᠷ ᠢ ᠬᠠᠮᠠᠭᠠᠯᠠᠬᠤ | ᠬᠠᠮᠢᠶᠠᠷᠣᠯᠳᠠ ᠶᠢᠨ ᠶᠡᠭᠡ ᠠᠩᠬᠢ ᠨᠡᠶᠢᠳᠡ 2 ᠣᠬᠠᠭᠤᠯᠭ᠎ᠠ ᠶᠢᠨ ᠴᠡᠭ ᠳᠣᠬᠢᠷᠠᠭᠤᠯᠵᠣ᠂ 300 ᠭᠠᠷᠣᠢ ᠬᠤᠪᠢ ᠣᠬᠠᠭᠤᠯᠭ᠎ᠠ ᠶᠢᠨ ᠮᠠᠲ᠋ᠧᠷᠢᠶᠠᠯ ᠳᠠᠷᠬᠠᠭᠠᠵᠣ᠂ | ᠣᠯᠠᠨ ᠲᠦᠮᠡᠨ ᠤ ᠠᠰᠠᠭᠤᠨ ᠯᠠᠪᠯᠠᠭ᠎ᠠ ᠶᠢ 183 ᠬᠦᠮᠦᠨ ᠣᠳᠠᠭ᠎ᠠ ᠬᠦᠯᠢᠶᠡᠨ ᠠᠪᠣᠭᠰᠠᠨ ᠪᠠᠶᠢᠨ᠎ᠠ᠃ ᠪᠥᠬᠦ ᠲᠠᠯ᠎ᠠ ᠶᠢᠨ᠂ ᠣᠯᠠᠨ ᠬᠠᠷᠠᠭᠠᠰᠤ ᠠᠴᠠ | ᠤᠬᠠᠭᠤᠯᠬᠤ ᠪᠠᠷ ᠳᠠᠮᠵᠢᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ | ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠥᠪᠡᠷ ᠢ ᠪᠠᠨ ᠬᠢᠵᠠᠭᠠᠷᠯᠠᠬᠤ ᠴᠢᠳᠠᠪᠤᠷᠢ ᠶᠢ | ᠪᠦᠲᠦᠮᠵᠢᠲᠡᠶ ᠳᠡᠭᠡᠭᠰᠢᠯᠡᠭᠦᠯᠵᠦ᠂ ᠬᠤᠰᠢᠭᠤᠨ ᠤ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ | | | |