4 ᠰᠠᠷ᠎ᠠ ᠶᠢᠨ 25 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ | ᠠᠯᠪᠠᠨ ᠬᠡᠷ ᠤᠨ ᠬᠤᠷᠠᠯᠳᠤᠭᠤᠯᠤᠭᠰᠠᠨ ᠬᠡᠷᠡᠭᠯᠡᠭᠡᠨ ᠤ ᠵᠤᠶᠢᠯ ᠢ ᠰᠢᠯᠢᠳᠡᠭᠵᠢᠭᠦᠯᠦᠨ ᠳᠣᠭᠢᠷᠠᠭᠤᠯᠬᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠨᠠᠰᠤᠲᠠᠶᠢᠴᠤᠳ ᠤᠨ ᠠᠮᠢᠳᠤᠷᠠᠬᠤ ᠣᠷᠴᠢᠨ ᠨᠥᠬᠦᠴᠡᠯ ᠢ | ᠤᠯᠠᠮ ᠨᠢᠭᠡ ᠠᠯᠬᠤᠮ ᠰᠠᠶᠢᠵᠢᠷᠠᠭᠤᠯᠬᠤ ᠶᠢᠨ ᠬᠠᠮᠳᠤ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠬᠡᠷᠡᠭᠯᠡᠭᠡ ᠶᠢ ᠳᠠᠶᠢᠴᠢᠯᠠᠬᠤ ᠶᠢᠨ ᠲᠥᠯᠥᠭᠡ᠂ ᠥᠪᠡᠷᠲᠡᠭᠡᠨ | ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ ᠵᠡᠷᠭᠡ 6 | ᠰᠠᠯᠠᠭ᠎ᠠ ᠮᠥᠴᠢᠷ ᠬᠠᠮᠲᠤᠷᠠᠨ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠤᠨ ᠵᠠᠰᠠᠯ ᠴᠢᠮᠡᠭᠯᠡᠯ ᠲᠣᠭᠤᠭᠠᠨ ᠬᠡᠷ ᠠᠷᠢᠭᠤᠨ | ᠴᠡᠪᠡᠷ ᠤᠨ ᠭᠡᠷᠡᠭᠰᠡᠯ ᠢ ︿ᠰᠢᠨᠡᠳᠭᠡᠨ ᠰᠤᠯᠢᠬᠤ﹀ ᠨᠥᠬᠦᠪᠥᠷᠢ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ᠂ ᠭᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠲᠤ ᠲᠤᠬᠢᠷᠠᠬᠤ ᠭᠡᠷ ᠤᠨ ᠡᠳ᠋ᠯᠡᠯ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠳᠡᠮᠵᠢᠬᠦ ᠬᠡᠪᠴᠢᠶᠡᠨ ᠳᠤ | ᠣᠷᠣᠭᠤᠯᠵᠤ᠂ ᠨᠥᠬᠦᠪᠥᠷᠢ ᠶᠢᠨ ᠪᠠᠷᠢᠮᠵᠢᠶ᠎ᠠ᠂ ᠬᠡᠪᠴᠢᠶ᠎ᠡ ᠵᠢᠴᠢ ᠠᠷᠭ᠎ᠠ ᠮᠠᠶ᠋ᠢᠭ ᠢ ᠲᠣᠳᠣᠷᠬᠠᠶᠢᠯᠠᠵᠦ᠂ ᠨᠠᠰᠤᠲᠠᠶᠢᠴᠤᠳ ᠲᠤ ᠦᠨᠡᠨ ᠪᠣᠳᠠᠲᠠᠶ ᠠᠰᠠᠷᠠᠮᠵᠢ | ᠬᠦᠷᠲᠡᠭᠡᠬᠦ ᠪᠠᠷ ᠪᠤᠢ᠃ | 2025 ᠣᠨ ᠤ ᠲᠥᠷᠥ ᠶᠢᠨ ᠪᠣᠳᠣᠯᠭ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠳᠤ ᠪᠠᠶᠢᠩᠭᠤ ᠰᠠᠭᠤᠭ᠎ᠠ ᠪᠥᠭᠡᠳ ᠭᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠲᠤ ᠲᠤᠬᠢᠷᠠᠬᠤ ᠰᠢᠨᠡᠳᠭᠡᠨ ᠰᠤᠯᠢᠬᠤ ᠲᠠᠸᠠᠷ ᠢ ᠬᠤᠳᠠᠯᠳᠤᠨ ᠠᠪᠬᠤ ᠬᠡᠷᠡᠭᠴᠡᠭᠡ ᠲᠠᠢ ᠪᠦᠬᠦᠯᠢ 60 ᠨᠠᠰᠤ ᠵᠢᠴᠢ ᠲᠡᠭᠦᠨ ᠠᠴᠠ ᠳᠡᠭᠡᠭᠰᠢᠬᠢ | ᠨᠠᠰᠤᠲᠠᠶᠢᠴᠤᠳ ᠴᠥᠮ ᠨᠥᠬᠦᠪᠥᠷᠢ ᠭᠥᠷᠳᠡᠵᠦ ᠪᠣᠯᠤᠨ᠎ᠠ᠃ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠲᠤᠬᠢᠷᠠᠬᠤ ᠰᠢᠨᠡᠳᠭᠡᠨ ᠰᠤᠯᠢᠬᠤ ᠤᠶᠢᠯᠡᠳᠬᠦᠨ | ᠢ ᠬᠤᠳᠠᠯᠳᠤᠨ ᠠᠪᠤᠪᠠᠯ ᠪᠣᠳᠠᠲᠠᠶ ᠠᠷᠠᠯᠵᠢᠶᠠᠯᠠᠬᠤ ᠦᠨ᠎ᠡ ᠶᠢᠨ 30 % ᠪᠠᠷ ᠨᠥᠬᠦᠪᠥᠷᠢ ᠥᠭᠭᠦᠨ᠎ᠡ᠃ | ᠥᠪᠥᠷ ᠮᠣᠩᠭᠤᠯ ︽ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠲᠤᠬᠢᠷᠠᠬᠤ ᠰᠢᠨᠡᠳᠭᠡᠨ ᠰᠤᠯᠢᠬᠤ ᠨᠥᠬᠦᠪᠥᠷᠢ ᠦᠭᠭᠦ ᠤᠶᠢᠯᠡᠳᠬᠦᠨ ᠤ | ᠰᠠᠨᠠᠭᠤᠯᠭ᠎ᠠ ᠶᠢᠨ ᠨᠠᠷᠢᠨ ᠬᠠᠭᠤᠳᠠᠰᠤ︾ ᠶᠢ ᠨᠡᠶᠢᠲᠡᠯᠡᠪᠠ᠂ ᠨᠠᠷᠢᠨ ᠬᠠᠭᠤᠳᠠᠰᠤ ᠳᠤ ᠭᠡᠷ ᠤᠨ ᠭᠠᠵᠠᠷ ᠪᠠ ᠡᠭᠦᠳ᠋ᠨ ᠪᠠᠨ ᠰᠢᠨᠡᠳᠭᠡᠨ ᠵᠠᠰᠠᠬᠤ᠂ ᠤᠨᠲᠠᠬᠤ | ᠥᠷᠥᠭᠡ ᠪᠠᠨ ᠰᠢᠨᠡᠳᠭᠡᠨ ᠵᠠᠰᠠᠬᠤ᠂ ᠵᠢᠱᠢᠶᠡᠯᠡᠪᠡᠯ ᠵᠣᠷᠯᠣᠩ ᠤᠬᠢᠶᠠᠯᠭ᠎ᠠ ᠶᠢᠨ ᠲᠥᠬᠦᠭᠡᠷᠦᠮᠵᠢ ᠪᠠᠨ ᠰᠢᠨᠡᠳᠭᠡᠨ ᠵᠠᠰᠠᠬᠤ᠂ ᠲᠣᠭᠤᠭᠠᠨ ᠬᠡᠷ ᠤᠨ ᠲᠥᠬᠦᠭᠡᠷᠦᠮᠵᠢ | ᠪᠠᠨ ᠰᠢᠨᠡᠳᠭᠡᠨ ᠵᠠᠰᠠᠬᠤ᠂ ᠹᠢᠽᠢᠺ ᠤᠨ ᠣᠷᠴᠢᠨ ᠲᠣᠭᠤᠷᠢᠨ ᠢᠶᠠᠨ ᠰᠢᠨᠡᠳᠭᠡᠨ ᠵᠠᠰᠠᠬᠤ᠂ ᠣᠶᠤᠨᠴᠢ ᠲᠤᠰᠠᠯᠠᠬᠤ ᠤᠶᠢᠯᠡᠳᠬᠦᠨ ᠵᠡᠷᠭᠡ ᠵᠢᠷᠭᠤᠭᠠᠨ ᠶᠡᠭᠡ | ᠲᠥᠷᠥᠯ ᠤᠨ 25 ᠵᠤᠶᠢᠯ ᠤᠨ ᠲᠠᠸᠠᠷ ᠢ ᠬᠠᠮᠤᠷᠴᠠᠶ᠃ | ᠬᠡᠷᠡᠭᠯᠡᠭᠴᠢᠳ ᠨᠢ ᠳᠤᠮᠳᠠᠳᠤ ᠤᠯᠤᠰ ᠤᠨ ᠪᠠᠩᠬᠢ ᠶᠢᠨ ᠬᠤᠯᠪᠣᠭᠠᠨ ᠤ ︽ᠶᠦᠨ ᠱᠠᠨ ᠹᠦ᠋︾ APP ᠪᠠᠷ ᠳᠡᠮᠵᠢᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠡᠷ ᠤᠨ ᠵᠠᠰᠠᠯ ᠴᠢᠮᠡᠭᠯᠡᠯ ᠲᠣᠭᠤᠭᠠᠨ ᠬᠡᠷ ᠠᠷᠢᠭᠤᠨ ᠴᠡᠪᠡᠷ ᠤᠨ ᠭᠡᠷᠡᠭᠰᠡᠯ ᠢ ᠰᠢᠨᠡᠳᠬᠡᠨ ᠰᠤᠯᠢᠬᠤ︾ ᠤᠶᠢᠯᠡᠴᠢᠯᠡᠭᠡᠨ ᠤ ᠲᠠᠪᠴᠠᠩ ᠳᠤ ᠭᠠᠷᠴᠤ᠂ | ︽ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠲᠤᠬᠢᠷᠠᠬᠤ ᠰᠢᠨᠡᠳᠭᠡᠨ ᠰᠤᠯᠢᠬᠤ︾ ᠵᠠᠭᠪᠤᠷ ᠲᠤ ᠣᠷᠣᠵᠤ ᠬᠤᠳᠠᠯᠳᠤᠨ ᠠᠪᠬᠤ ᠪᠠᠷ ᠭᠤᠶᠤᠴᠢᠯᠠᠪᠠᠯ | ᠪᠣᠯᠴᠢᠬᠠᠨ᠎ᠠ᠃ |