4 ᠰᠠᠷ᠎ᠠ ᠶᠢᠨ 28 ᠤ ᠡᠳᠦᠷ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠣᠷᠳᠣᠰ | ᠬᠤᠲᠠ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠤᠯᠠᠮ ᠴᠢᠨᠠᠬᠰᠢᠳᠠ ᠴᠡᠴᠡᠭᠯᠡᠭᠦᠯᠬᠦ ᠲᠤᠬᠠᠶ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠪᠡ᠃ | ︽ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠤᠯᠠᠮ ᠴᠢᠨᠠᠬᠰᠢᠳᠠ ᠴᠡᠴᠡᠭᠯᠡᠭᠦᠯᠬᠦ ᠲᠤᠬᠠᠶ ᠠᠷᠭ᠎ᠠ ᠬᠡᠮᠵᠢᠶ᠎ᠡ ᠨᠦᠭᠦᠳ︾ ᠨᠢ | ᠵᠣᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠤᠨ ᠬᠡᠷᠡᠭᠯᠡᠭᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠳᠠᠯᠳᠠ | ᠬᠦᠴᠦᠨ ᠢ ᠬᠥᠭᠵᠢᠭᠡᠬᠦ ᠪᠠ ᠰᠢᠨ᠎ᠡ ᠵᠠᠭᠤᠴᠢᠯᠠᠭᠤᠷ ᠤᠨ ᠤᠬᠠᠭᠤᠯᠤᠨ ᠳᠡᠯᠭᠡᠷᠡᠭᠦᠯᠬᠦ ᠠᠵᠢᠯ ᠢ ᠳᠡᠮᠵᠢᠬᠦ 3 ᠲᠠᠯ᠎ᠠ ᠠᠴᠠ ᠭᠠᠷᠳᠠᠨ᠂ ᠤᠯᠤᠰ ᠤᠨ ᠳᠣᠲᠣᠭᠠᠳᠤ ᠶᠢᠨ | ᠵᠣᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠪᠠᠳᠤᠳᠬᠠᠬᠤ᠂ ᠬᠢᠯᠢ ᠪᠠᠷ ᠣᠷᠣᠵᠤ ᠢᠷᠡᠭᠰᠡᠨ ᠵᠣᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠥᠷᠭᠡᠳᠬᠡᠬᠦ᠂ | ᠣᠷᠳᠣᠰ ᠤᠨ ᠵᠢᠭᠤᠯᠴᠢᠯᠠᠯ ᠤᠨ ᠪᠦᠬᠦᠨ ᠳᠤ ᠳᠣᠭᠢᠷᠠᠬᠤ ᠺᠠᠷᠲ ᠢ ᠦᠷᠭᠦᠯᠵᠢᠯᠡᠨ ᠲᠠᠷᠬᠠᠭᠠᠬᠤ᠂ ᠴᠢᠬᠤᠯᠠ ᠶᠡᠭᠡ ᠠᠵᠢᠯᠯᠠᠭ᠎ᠠ ᠪᠠ ᠰᠣᠶᠣᠯ ᠵᠢᠭᠤᠯᠴᠢᠯᠠᠯ | ᠬᠤᠳᠠᠯᠳᠤᠭᠠᠨ ᠤ ᠴᠣᠭᠴᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠳᠡᠮᠵᠢᠬᠦ᠂ ᠬᠤᠪᠢ ᠶᠢᠨ ᠵᠠᠭᠤᠴᠢᠯᠠᠭᠤᠷ ᠤᠨ ᠠᠭᠤᠯᠭ᠎ᠠ ᠶᠢ ᠵᠣᠬᠢᠶᠠᠨ ᠪᠦᠲᠦᠭᠡᠵᠦ | ᠤᠯᠠᠮᠵᠢᠯᠠᠨ ᠳᠡᠯᠭᠡᠷᠡᠭᠦᠯᠬᠦ ᠶᠢ ᠪᠠᠶᠠᠯᠢᠭᠵᠢᠭᠤᠯᠬᠤ ᠵᠡᠷᠭᠡ 13 ᠵᠤᠶᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠪᠠ᠃ 2025 ᠣᠨ ᠤ 1ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 3 ᠵᠢᠯ ᠪᠣᠯᠤᠨ᠎ᠠ᠃ ᠡᠭᠦᠨ ᠳᠤ ᠰᠢᠨ᠎ᠡ ᠵᠠᠭᠤᠴᠢᠯᠠᠭᠤᠷ ᠤᠨ ᠤᠬᠠᠭᠤᠯᠤᠨ ᠳᠡᠯᠭᠡᠷᠡᠭᠦᠯᠬᠦ | ᠠᠵᠢᠯ ᠳᠤ ᠬᠠᠮᠤᠭ ᠥᠨᠳᠥᠷ ᠲᠡᠭᠡᠨ 80 ᠲᠦᠮᠡᠨ ᠲᠥᠭᠦᠷᠢᠭ ᠦᠭᠭᠦᠨ᠎ᠡ︕ |