4 ᠰᠠᠷ᠎ᠠ ᠶᠢᠨ 22 ᠤᠨ ᠡᠳᠦᠷ ᠠᠴᠠ 24 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠣᠷᠴᠣᠨ ᠤ | ᠥᠪᠡᠷᠲᠡᠭᠡᠨ ᠵᠠᠰᠠᠬᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠡᠭᠡ ᠬᠢᠩᠭᠠᠨ ᠳᠠᠪᠠᠭ᠎ᠠ ᠶᠢᠨ ᠭᠤᠤᠯᠳᠠᠯᠭ᠎ᠠ ᠲᠠᠢ ᠭᠠᠵᠠᠷ ᠣᠷᠣᠨ ᠤ ᠣᠶ | ᠰᠢᠭᠤᠶ ᠶᠢᠨ ᠲᠠᠷᠢᠶᠠᠯᠠᠬᠤ ᠵᠥᠷᠢᠴᠡᠯ ᠢ ᠠᠷᠢᠯᠭᠠᠬᠤ ᠠᠵᠢᠯ ᠤᠨ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ | ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠤᠷᠠᠯ ᠳᠤ ᠣᠷᠣᠯᠴᠠᠪᠠ᠃ | ᠵᠢᠢ ᠸᠧᠨ ᠰᠧᠨ ᠠᠵᠤ ᠦᠢᠯᠡᠳᠪᠦᠷᠢ ᠶᠢᠨ ᠺᠣᠮᠫᠠᠨᠢ ᠶᠢᠨ ᠬᠤᠩᠭᠤᠯᠵᠢ ᠤᠢ ᠶᠢᠨ ᠲᠠᠯᠠᠪᠠᠢ ᠶᠢᠨ ᠠᠵᠤ ᠦᠢᠯᠡᠰ ᠤᠨ ᠲᠣᠭᠤᠷᠢᠭ ᠲᠤ᠂ ᠸᠠᠩ ᠸᠠᠩ ᠱᠧᠩ | ᠲᠤᠬᠠᠢ ᠶᠢᠨ ᠭᠠᠵᠠᠷ ᠲᠤᠨᠢ ᠤᠢ ᠰᠢᠭᠤᠢ ᠶᠢ ᠲᠣᠭᠤᠷᠢᠨ ᠪᠠᠶᠢᠴᠠᠭᠠᠵᠤ᠂ ᠤᠢ ᠰᠢᠭᠤᠢ ᠶᠢᠨ ᠲᠠᠷᠢᠶᠠᠯᠠᠬᠤ ᠵᠥᠷᠢᠴᠡᠯ ᠤᠨ ᠠᠰᠠᠭᠤᠳᠠᠯ ᠢ ᠪᠠᠶᠢᠴᠠᠭᠠᠨ | ᠰᠢᠢᠳᠪᠦᠷᠢᠯᠡᠭᠰᠡᠨ ᠪᠠᠶᠢᠳᠠᠯ ᠢ ᠨᠠᠷᠢᠨ ᠣᠶᠢᠯᠠᠭᠠᠪᠠ᠃ ᠬᠤᠷᠠᠯ ᠳᠡᠭᠡᠷ᠎ᠡ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠤᠢ ᠰᠢᠭᠤᠢ ᠶᠢᠨ ᠠᠵᠤ | ᠦᠢᠯᠡᠳᠪᠦᠷᠢ ᠶᠢᠨ ᠪᠦᠯᠦᠭᠯᠡᠯ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ | ᠠᠵᠢᠯ ᠤᠨ ᠲᠥᠰᠦᠯ ᠢ ᠬᠢᠨᠠᠨ ᠵᠥᠪᠯᠡᠪᠡ᠃ | ᠸᠠᠩ ᠸᠠᠩ ᠱᠧᠩ᠂ ᠬᠤᠳᠠ ᠠᠴᠠ ᠶᠡᠭᠡ ᠬᠢᠩᠭᠠᠨ ᠳᠠᠪᠠᠭ᠎ᠠ ᠶᠢᠨ ᠭᠤᠣᠯᠳᠠᠯᠭ᠎ᠠ ᠲᠠᠢ ᠭᠠᠵᠠᠷ ᠣᠷᠣᠨ ᠤ ᠤᠢ ᠰᠢᠭᠤᠢ ᠶᠢᠨ ᠲᠠᠷᠢᠶᠠᠯᠠᠬᠤ ᠵᠥᠷᠢᠴᠡᠯ ᠢ | ᠠᠷᠢᠯᠭᠠᠬᠤ ᠠᠵᠢᠯ ᠤᠨ ᠲᠤᠰᠬᠠᠢ ᠲᠣᠭᠲᠠᠴᠠ ᠶᠢ ᠪᠠᠶᠢᠭᠤᠯᠬᠤ ᠪᠣᠯ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠪᠦᠬᠦᠯᠢ ᠴᠣᠭᠴᠠ ᠶᠢᠨ ᠬᠠᠮᠲᠤᠷᠠᠯ | ᠬᠦᠴᠦᠨ ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠢ ᠰᠢᠭᠤᠢ ᠨᠤᠲᠤᠭ ᠪᠡᠯᠴᠢᠭᠡᠷ ᠢ ᠡᠪᠳᠡᠬᠦ ᠪᠠ | ᠤᠢ ᠰᠢᠭᠤᠢ ᠶᠢᠨ ᠲᠠᠷᠢᠶᠠᠯᠠᠬᠤ ᠵᠥᠷᠢᠴᠡᠯ ᠤᠨ ᠠᠰᠠᠭᠤᠳᠠᠯ ᠳᠤ ᠪᠠᠶᠢᠷᠢᠯᠠᠭᠤᠯᠤᠯᠲᠠ ᠲᠤᠬᠢᠷᠠᠭᠤᠯᠤᠯᠳᠠ ᠶᠢ ᠨᠡᠩ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ | ᠶᠤᠮ᠃ ᠪᠦᠬᠦ ᠬᠤᠳᠠ ᠪᠠᠷ ᠢᠶᠠᠨ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠦᠨᠳᠦᠷᠴᠡ ᠠᠴᠠ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠢ ᠪᠠᠲᠤᠯᠠᠭᠰᠠᠨ ᠰᠠᠭᠤᠷᠢᠨ ᠳᠡᠭᠡᠷ᠎ᠡ᠂ ᠰᠢᠰᠲ᠋ᠧᠮᠲᠦ ᠰᠡᠳᠬᠢᠬᠦᠢ ᠶᠢ ᠪᠠᠲᠤ ᠪᠤᠢ ᠪᠣᠯᠭᠠᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠬᠦ ᠶᠢ | ᠪᠠᠷᠢᠮᠲᠠᠯᠠᠵᠤ᠂ ᠬᠤᠪᠢ ᠪᠠᠷ ᠢᠶᠠᠨ ᠳᠤᠷ᠎ᠠ ᠪᠠᠷ ᠢᠶᠠᠨ ᠬᠠᠭᠠᠯᠪᠤᠷᠢᠯᠠᠬᠤ᠂ ᠤᠢ ᠰᠢᠭᠤᠢ ᠶᠢᠨ ᠤᠷᠤᠨ ᠵᠠᠢ ᠶᠢ ᠬᠠᠮᠢᠶᠠᠷᠬᠤ᠂ ᠤᠯᠠᠨ ᠲᠦᠮᠡᠨ ᠪᠤᠯᠤᠨ ᠠᠵᠤ | ᠠᠬᠤᠶᠢᠯᠠᠯ ᠤᠨ ᠬᠤᠭᠤᠷᠤᠨᠳᠤᠬᠢ ᠵᠦᠷᠢᠴᠡᠯ ᠢ ᠨᠠᠮᠳᠠᠭᠤᠯᠬᠤ ᠵᠡᠷᠭᠡ ᠠᠵᠢᠯ ᠢ ᠬᠦᠴᠦᠲᠡᠢ ᠠᠬᠢᠭᠤᠯᠵᠤ᠂ ᠲᠡᠦᠬᠡᠨ ᠦᠯᠡᠳᠡᠭᠳᠡᠯ ᠠᠰᠠᠭᠤᠳᠠᠯ ᠢ ᠯᠠᠪᠳᠠᠭᠤᠨ ᠢᠶᠠᠷ | ᠰᠢᠢᠳᠪᠦᠷᠢᠯᠡᠬᠦ ᠬᠡᠷᠡᠭᠲᠡᠢ᠃ ᠤᠢ ᠰᠢᠭᠤᠢ ᠨᠤᠲᠤᠭ ᠪᠡᠯᠴᠢᠭᠡᠷ ᠢ ᠰᠦᠢᠳᠬᠡᠵᠦ ᠨᠤᠭᠤ ᠭᠠᠵᠠᠷ ᠢ ᠰᠦᠢᠳᠬᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ | ᠲᠥᠪᠯᠡᠷᠡᠭᠦᠯᠦᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠮᠡᠭᠳᠡᠯ ᠤᠨ ᠬᠡᠮᠵᠢᠶ᠎ᠡ ᠶᠢ ᠡᠷᠡᠰ ᠬᠤᠷᠢᠭᠯᠠᠵᠤ᠂ ᠲᠣᠭᠲᠠᠭᠠᠯ ᠠᠴᠠ ᠵᠥᠷᠢᠴᠡᠨ | ᠬᠠᠭᠠᠯᠪᠤᠷᠢᠯᠠᠭᠰᠠᠨ ᠪᠠᠶᠢᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠲᠣᠳᠣᠷᠬᠠᠢ ᠣᠶᠢᠯᠠᠭᠠᠵᠤ᠂ ᠲᠣᠭᠤᠷᠢᠨ ᠴᠠᠭᠳᠠᠵᠤ ᠬᠠᠮᠢᠶᠠᠷᠤᠨ ᠬᠠᠮᠠᠭᠠᠯᠠᠬᠤ ᠬᠦᠴᠦᠨ ᠢ | ᠤᠯᠠᠮ ᠴᠢᠨᠠᠭᠰᠢᠳᠠ ᠥᠷᠭᠡᠳᠬᠡᠵᠦ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠬᠦ ᠪᠠ ᠤᠯᠠᠨ ᠲᠦᠮᠡᠨ ᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ | ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠢᠯᠵᠢᠷᠡᠯ ᠤᠨ ᠰᠦᠪᠡᠭᠴᠢ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠤᠢ ᠰᠢᠭᠤᠢ ᠨᠤᠲᠤᠭ ᠪᠡᠯᠴᠢᠭᠡᠷ | ᠨᠤᠭᠤ ᠭᠠᠵᠠᠷ ᠤᠨ ᠡᠬᠢ ᠪᠠᠶᠠᠯᠢᠭ ᠪᠣᠯᠤᠨ ᠬᠢᠯᠪᠠᠷ ᠪᠤᠰᠤ ᠣᠯᠤᠭᠰᠠᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ ᠭᠡᠵᠡᠢ᠃ | ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠸᠠᠩ ᠸᠠᠩ ᠱᠧᠩ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠠᠯᠢ ᠭᠤᠣᠯ ᠪᠠᠯᠭᠠᠰᠤᠨ ᠤ ᠴᠢ | ᠴᠢ ᠯᠢᠩ ᠲᠣᠰᠬᠤᠨ ᠳᠤ ᠬᠦᠷᠴᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ | ᠪᠠᠶᠢᠴᠠᠭᠠᠨ ᠰᠤᠳᠤᠯᠵᠠᠢ᠃ ᠳᠠᠪᠠᠭᠠᠨ ᠳᠡᠭᠡᠷᠡᠬᠢ ᠳᠤᠷᠠᠰᠤᠮᠵᠢ ᠳᠡᠯᠭᠡᠨ ᠦᠵᠡᠭᠦᠯᠬᠦ ᠣᠷᠳᠣᠨ᠂ ᠲᠦᠸᠧᠪᠠ ᠰᠢᠶᠠᠨᠪᠢ ᠶᠢᠨ ᠲᠡᠦᠬᠡ ᠰᠣᠶᠣᠯ ᠤᠨ ᠬᠦᠷᠢᠶᠡᠯᠡᠩ᠂ | ᠣᠷᠴᠣᠨ ᠤ ᠪᠣᠳᠠᠰ ᠤᠨ ᠪᠤᠰᠤ ᠰᠣᠶᠣᠯ ᠤᠨ ᠥᠪ ᠤᠨ ᠣᠷᠳᠣᠨ᠂ ᠣᠷᠴᠣᠨ ᠤ ᠦᠨᠳᠦᠰᠦᠲᠡᠨ ᠤ ᠮᠦᠽᠧᠶ ᠵᠡᠷᠭᠡ ᠭᠠᠵᠠᠷ ᠲᠤ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ᠂ ︽ᠠᠭᠤᠰᠤᠯᠴᠠᠯ ᠤᠨ ᠵᠠᠮ︾ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠤᠨ ᠪᠠᠶᠢᠭᠤᠯᠤᠯᠲᠠ ᠪᠠ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ |