ᠣᠳᠣᠬᠠᠨ ᠳᠤ ᠶᠠᠭ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠮᠠᠰᠢ ᠶᠠᠭᠠᠷᠠᠯᠲᠠᠶ ᠴᠠᠭ ᠪᠤᠯᠤᠯ᠎ᠠ᠃ ᠲᠠᠷᠢᠶᠠᠯᠠᠩ ᠤᠨ ᠵᠠᠩᠭᠢᠯᠠᠭ᠎ᠠ ᠶᠢᠨ ᠦᠶ᠎ᠡ ᠳᠤ | ᠥᠴᠦᠬᠡᠨ ᠴᠦ ᠴᠠᠯᠠᠭᠠᠶᠢᠷᠠᠵᠤ ᠪᠣᠯᠬᠤ ᠥᠬᠡᠶ᠂ ᠡᠯ᠎ᠡ ᠭᠠᠵᠠᠷ ᠤᠨ ᠬᠢᠨ ᠡᠷᠬᠡᠪᠰᠢ ︽ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ | ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠬᠤ︾ ᠢᠢ ᠲᠡᠷᠢᠭᠦᠨ ᠳᠤ ᠲᠠᠯᠪᠢᠵᠤ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ | ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠷᠢᠯᠢᠭ ᠠᠳᠬᠤᠬᠤ ᠳᠡᠭᠡᠷ᠎ᠡ ᠬᠦᠴᠦ ᠲᠠᠯᠪᠢᠵᠤ᠂ ᠬᠠᠪᠤᠷ ᠤᠨ ᠲᠠᠷᠢᠶᠠᠯᠠᠭ᠎ᠠ ᠶᠢ ᠰᠠᠶᠢᠲᠤᠷ | ᠠᠳᠬᠤᠬᠤ ᠲᠠᠢ ᠨᠢᠭᠲᠠ ᠤᠶᠠᠯᠳᠤᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠯᠠᠩ ᠤᠨ ᠦᠢᠯᠡᠳᠪᠦᠷᠢᠯᠡᠯ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ | ᠬᠡᠷᠡᠭᠲᠡᠶ᠃ | ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ ᠮᠥᠨ︾᠂ ᠣᠳᠣᠬᠠᠨ ᠤ ᠤᠯᠠᠨ ᠤᠯᠤᠰ ᠤᠨ ᠣᠷᠴᠢᠨ ᠲᠣᠭᠤᠷᠢᠨ ᠤ | ᠡᠭᠡᠳᠡᠷᠡᠭᠡᠨ ᠪᠤᠳᠤᠯᠢᠶᠠᠨᠲᠠᠢ ᠠᠬᠤᠢ ᠪᠠᠶᠢᠳᠠᠯ ᠳᠣᠣᠷ᠎ᠠ᠂ ᠶᠠᠭᠠᠬᠢᠵᠤ ᠴᠢᠬᠤᠯᠠᠴᠢᠯᠠᠭᠰᠠᠨ ᠴᠤ ᠬᠡᠲᠦᠷᠡᠬᠦ ᠦᠭᠡᠢ ᠶᠤᠮ᠃ ᠠᠮᠤ ᠪᠤᠳᠠᠭᠠᠨ ᠤ ᠦᠢᠯᠡᠳᠪᠦᠷᠢᠯᠡᠯ | ᠳᠠᠪᠠᠭ᠎ᠠ ᠳᠠᠪᠠᠭ᠋ᠤ ᠳᠤ ᠬᠦᠴᠢᠷ ᠲᠠᠢ᠂ ᠤᠷᠤᠭᠤᠳᠠᠬᠤ ᠳᠤ ᠬᠢᠯᠪᠡᠷ᠂ ᠨᠡᠮᠡᠭᠳᠡᠭᠦᠯᠬᠦ ᠳᠤ ᠤᠳᠠᠭᠠᠨ᠂ ᠪᠠᠭᠤᠷᠠᠬᠤ ᠳᠤ ᠲᠦᠷᠭᠡᠨ ᠪᠠᠶᠢᠳᠠᠭ᠃ ᠠᠮᠤ ᠪᠤᠳᠠᠭᠠᠨ ᠤ | ᠤᠨᠠᠯᠳᠠ ᠲᠡᠦᠬᠡᠲᠦ ᠴᠢᠨᠠᠷᠲᠠᠢ ᠪᠠᠷ ᠰᠢᠨ᠎ᠡ ᠳᠡᠭᠲᠡᠷ ᠲᠤ ᠭᠠᠷᠬᠤ ᠲᠤᠳᠤᠮ ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠨᠡᠩ ᠢᠯᠡᠭᠦᠦ ᠪᠣᠳᠣᠯᠬᠢᠯᠠᠬᠤ | ᠬᠡᠷᠡᠭᠲᠡᠢ᠂ ᠰᠠᠨᠠᠭ᠎ᠠ ᠠᠮᠠᠷᠠᠵᠤ ᠰᠤᠯᠠᠷᠠᠵᠤ ᠪᠣᠯᠬᠤ ᠦᠭᠡᠢ᠃ ᠬᠠᠪᠤᠷ ᠤᠨ ᠲᠠᠷᠢᠶᠠᠯᠠᠭ᠎ᠠ ᠪᠣᠯ ᠪᠦᠬᠦ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠶᠡᠭᠡ ᠲᠠᠯ᠎ᠠ | ᠪᠣᠯᠤᠨ᠎ᠠ᠂ ᠵᠤᠨ ᠤ ᠠᠮᠤ ᠪᠤᠳᠠᠭ᠎ᠠ ᠪᠣᠯ ᠪᠦᠬᠦ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠨᠢᠭᠡᠳᠦᠭᠡᠷ ᠤᠯᠠᠷᠢᠯ ᠪᠣᠯᠤᠨ᠎ᠠ᠂ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠢ ᠰᠠᠶᠢᠲᠤᠷ ᠠᠳᠬᠤᠬᠤ ᠨᠢ ᠪᠦᠬᠦ ᠵᠢᠯ ᠤᠨ ᠠᠮᠤ ᠪᠤᠳᠠᠭᠠᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠲᠦᠢᠯ ᠤᠨ ᠴᠢᠬᠤᠯᠠ ᠶᠤᠮ᠃ | ᠬᠦᠮᠦᠨ ᠠᠮᠤ ᠪᠤᠳᠠᠭ᠎ᠠ ᠦᠭᠡᠢ ᠪᠤᠯ ᠠᠮᠢᠳᠤᠷᠠᠵᠤ ᠴᠢᠳᠠᠬᠤ ᠦᠭᠡᠢ᠂ ᠲᠠᠷᠢᠶ᠎ᠠ ᠭᠠᠵᠠᠷ ᠰᠢᠷᠤᠢ ᠦᠭᠡᠢ ᠪᠤᠯ ᠤᠷᠭᠤᠵᠤ ᠲᠡᠶᠢᠯᠬᠦ ᠦᠭᠡᠢ᠃ ᠲᠠᠷᠢᠶᠠᠯᠠᠩ ᠤᠨ | ᠦᠢᠯᠡᠳᠪᠦᠷᠢᠯᠡᠯ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ᠂ ᠡᠷᠬᠡᠪᠰᠢ ᠲᠠᠷᠢᠶᠠᠨ ᠭᠠᠵᠠᠷ ᠭᠡᠬᠦ ᠡᠨᠡ ᠬᠦ ᠠᠮᠢᠨ ᠰᠤᠳᠠᠰᠤ ᠶᠢ ᠠᠳᠬᠤᠵᠤ᠂ ᠬᠠᠪᠤᠷ ᠤᠨ | ᠲᠠᠷᠢᠶᠠᠯᠠᠭ᠎ᠠ ᠶᠢᠨ ᠠᠮᠤ ᠪᠤᠳᠠᠭ᠎ᠠ ᠲᠠᠷᠢᠬᠤ ᠲᠠᠯᠠᠪᠠᠢ ᠶᠢ ᠬᠦᠴᠦᠯᠡᠨ ᠲᠣᠭᠲᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠳᠤ | ᠪᠠᠰᠠ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠷᠭ᠎ᠠ ᠪᠤᠳᠤᠯᠭ᠎ᠠ ᠶᠢ | ᠶᠡᠷᠦᠩᠬᠡᠶᠢᠯᠡᠨ ᠬᠡᠷᠡᠭᠯᠡᠵᠦ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢ ᠵᠦᠢ ᠵᠣᠬᠢᠰᠲᠠᠢ ᠲᠦᠪᠰᠢᠨ ᠳᠤ ᠪᠠᠶᠢᠯᠭᠠᠬᠤ ᠶᠢ | ᠠᠬᠢᠭᠤᠯᠵᠤ᠂ ᠲᠠᠷᠢᠶᠠᠴᠢᠳ ᠤᠨ ᠠᠰᠢᠭ ᠲᠤᠰᠠ ᠶᠢ ᠰᠠᠶᠢᠲᠤᠷ ᠬᠠᠮᠠᠭᠠᠯᠠᠵᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ᠃ | ᠲᠠᠷᠢᠶᠠᠯᠠᠩ ᠦᠢᠯᠡᠳᠪᠦᠷᠢᠯᠡᠯ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠶᠢᠨ ᠭᠤᠣᠯᠳᠠᠯᠭ᠎ᠠ ᠨᠢ ᠪᠠᠰᠠ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ | ᠲᠠᠷᠢᠶᠠᠯᠠᠩ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠠᠪᠤᠳᠠᠯ ᠪᠣᠯᠤᠨ᠎ᠠ᠃ ᠲᠠᠷᠢᠶᠠᠯᠠᠩ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠲᠦᠷᠭᠡᠪᠴᠢᠯᠡᠨ ᠬᠥᠭᠵᠢᠭᠦᠯᠬᠦ ᠪᠣᠯ ᠮᠠᠨ ᠤ ᠤᠯᠤᠰ ᠤᠨ ᠲᠠᠷᠢᠶᠠᠯᠠᠩ ᠤᠨ ᠲᠤᠮᠤ ᠤᠯᠤᠰ ᠠᠴᠠ ᠲᠠᠷᠢᠶᠠᠯᠠᠩ ᠤᠨ ᠬᠦᠴᠦᠷᠬᠡᠭ ᠤᠯᠤᠰ ᠲᠡᠶᠢᠰᠢ | ᠤᠷᠤᠭᠰᠢᠯᠠᠬᠤ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠃ ᠠᠮᠤ ᠪᠤᠳᠠᠭᠠᠨ ᠤ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠪᠣᠯᠤᠨ ᠪᠠᠭᠤᠷᠠᠶ | ᠭᠤᠭᠴᠤᠭ᠎ᠠ ᠶᠢᠨ ᠲᠣᠭᠤᠷᠢᠨ ᠳᠤ᠂ ᠰᠠᠶᠢᠨ ᠲᠠᠷᠢᠶ᠎ᠠ᠂ ᠰᠠᠶᠢᠨ ᠡᠭᠦᠯᠳᠡᠷ᠂ ᠰᠠᠶᠢᠨ ᠠᠵᠠ ᠲᠣᠬᠢᠶᠠᠯ᠂ ᠰᠠᠶᠢᠨ ᠠᠷᠭ᠎ᠠ ᠶᠢ ᠬᠡᠷᠡᠭᠯᠡᠨ ᠵᠡᠷᠭᠡ ᠪᠠᠷ ᠬᠦᠴᠦᠯᠡᠬᠦ ᠶᠢ | ᠠᠬᠢᠭᠤᠯᠵᠤ᠂ ᠲᠠᠷᠢᠶᠠᠯᠠᠩ ᠤᠨ ᠮᠠᠰᠢᠨ ᠲᠣᠨᠣᠭᠯᠠᠯ ᠤᠨ ᠤᠶᠤᠨᠴᠢᠯᠠᠭᠰᠠᠨ ᠬᠡᠷᠡᠭᠯᠡᠯᠳᠡ ᠶᠢ ᠠᠬᠢᠭᠤᠯᠵᠤ᠂ ᠰᠢᠨ᠎ᠡ ᠮᠡᠷᠭᠡᠵᠢᠯ ᠤᠨ ᠬᠤᠷᠠᠮᠠᠯ ᠰᠢᠨ᠎ᠡ ᠶᠢ ᠡᠭᠦᠳᠬᠦ ᠪᠠ | ᠦᠢᠯᠡᠳᠪᠦᠷᠢᠯᠡᠯ ᠤᠨ ᠡᠯ᠎ᠡ ᠭᠤᠭᠴᠤᠭ᠎ᠠ ᠶᠢ ᠵᠣᠯᠭᠠᠭᠤᠯᠤᠨ ᠬᠠᠮᠵᠢᠯᠴᠠᠭᠤᠯᠬᠤ ᠶᠢ ᠴᠢᠩᠭᠠᠳᠬᠠᠵᠤ᠂ ᠭᠠᠵᠠᠷ ᠰᠢᠷᠣᠶ ᠶᠢᠨ ᠤᠨᠠᠯᠳᠠ ᠶᠢᠨ ᠨᠣᠷᠮ᠎ᠠ᠂ ᠡᠬᠢ | ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠪᠣᠯᠤᠨ ᠲᠠᠷᠢᠶᠠᠯᠠᠩ ᠤᠨ ᠬᠥᠳᠡᠯᠮᠦᠷᠢ ᠦᠢᠯᠡᠳᠪᠦᠷᠢᠯᠡᠯ ᠤᠨ ᠨᠣᠷᠮ᠎ᠠ ᠶᠢ ᠳᠡᠭᠡᠭᠰᠢᠯᠡᠭᠦᠯᠵᠦ᠂ ᠠᠮᠤ ᠲᠣᠰᠣᠨ ᠤ | ᠲᠠᠷᠢᠮᠠᠯ ᠤᠨ ᠶᠡᠭᠡ ᠲᠠᠯᠠᠪᠠᠶ ᠪᠠᠷ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠦᠨᠡᠨ ᠬᠦ ᠰᠠᠶᠢᠲᠤᠷ ᠬᠢᠵᠦ᠂ ᠡᠯᠪᠡᠭ ᠬᠤᠷᠢᠶᠠᠯᠲᠠ ᠶᠢ ᠴᠢᠷᠮᠠᠶᠢᠨ ᠤᠯᠬᠤ ᠪᠣᠯ ᠣᠳᠣᠬᠠᠨ ᠤ | ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ ᠲᠤᠮᠤ ᠶᠠᠪᠤᠳᠠᠯ ᠮᠥᠨ᠃ ᠨᠢᠳᠤᠨᠤᠨ ᠡᠪᠦᠯ ᠡᠨᠡ ᠬᠠᠪᠤᠷ ᠠᠴᠠ ᠨᠠᠭᠠᠰᠢ᠂ ᠮᠠᠨ ᠤ ᠤᠯᠤᠰ ᠤᠨ ᠴᠥᠭᠡᠨ | ᠪᠤᠰᠤ ᠭᠠᠵᠠᠷ ᠣᠷᠣᠨ ᠳᠤ ᠬᠤᠷ᠎ᠠ ᠲᠣᠨᠳᠠᠰᠤ ᠢᠯᠡᠷᠬᠡᠶ ᠪᠠᠭᠠᠰᠴᠤ᠂ ᠭᠤᠸᠠᠩᠰᠢ᠂ ᠾᠧᠨᠠᠨ᠂ ᠱᠠᠨᠰᠢ ᠵᠡᠷᠭᠡ ᠭᠠᠵᠠᠷ ᠤᠨ ᠭᠠᠩ ᠬᠠᠭᠰᠠᠷᠠᠭᠠᠨ ᠬᠦᠨᠳᠦ ᠨᠣᠴᠢᠲᠠᠶ | ᠪᠠᠶᠢᠨ᠎ᠠ᠂ ᠡᠭᠦᠨ ᠤ ᠬᠠᠮᠲᠤ ᠡᠪᠦᠯ ᠤᠨ ᠪᠤᠭᠤᠳᠠᠶ ᠬᠤᠷᠢᠶᠠᠬᠤ ᠳᠤ ᠪᠠᠰᠠ ᠡᠪᠡᠳᠴᠢᠨ ᠬᠤᠷᠣᠬᠠᠶ᠂ ᠬᠠᠭᠤᠷᠠᠶ ᠬᠠᠯᠠᠭᠤᠨ ᠰᠠᠯᠬᠢ᠂ ᠵᠦᠰᠡ ᠪᠣᠷᠣᠭᠠᠨ ᠵᠡᠷᠭᠡ ᠣᠯᠠᠨ | ᠵᠠᠩᠭᠢᠯᠠᠭ᠎ᠠ ᠶᠢᠨ ᠴᠠᠭ ᠦᠶ᠎ᠡ ᠳᠤ ᠲᠤᠯᠭᠠᠷᠠᠵᠤ᠂ ᠬᠠᠪᠤᠷ ᠤᠨ ᠲᠠᠷᠢᠶᠠᠯᠠᠭ᠎ᠠ ᠶᠢᠨ ᠰᠡᠭᠦᠯᠴᠢ ᠶᠢᠨ ᠬᠤᠭᠤᠴᠠᠭᠠᠨ ᠳᠤ ᠣᠯᠠᠨ ᠠᠷᠪᠢᠨ ᠲᠣᠭᠲᠠᠪᠤᠷᠢ ᠦᠭᠡᠶ ᠴᠢᠨᠠᠷ | ᠣᠷᠣᠰᠢᠵᠤ ᠪᠠᠶᠢᠨ᠎ᠠ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠳᠤᠷᠠᠳᠤᠭᠰᠠᠨ ︽ᠲᠠᠷᠢᠶᠠᠯᠠᠩ ᠤᠨ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ︾ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠭᠠᠮᠰᠢᠭ ᠢ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢ ᠴᠢᠩᠭᠠᠳᠬᠠᠵᠤ᠂ ᠤᠰᠤᠯᠠᠯᠲᠠ ᠶᠢᠨ ᠤᠰᠤᠨ ᠤ ᠡᠬᠢ ᠰᠤᠷᠪᠤᠯᠵᠢ ᠶᠢ | ᠰᠢᠨᠵᠢᠯᠡᠬᠦ ᠤᠬᠠᠭᠠᠨᠴᠢ ᠪᠠᠷ ᠵᠣᠬᠢᠰᠲᠠᠢ ᠬᠤᠪᠢᠶᠠᠷᠢᠯᠠᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠳᠬᠡᠨ | ᠨᠥᠬᠦᠪᠥᠷᠢᠯᠡᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ | ᠭᠠᠮᠰᠢᠭ ᠤᠨ ᠳᠠᠷᠠᠭᠠᠬᠢ ᠦᠢᠯᠡᠳᠪᠦᠷᠢᠯᠡᠯ ᠤᠨ ᠮᠡᠷᠭᠡᠵᠢᠯ ᠤᠨ ᠵᠢᠯᠤᠭᠤᠳᠤᠯᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ | ︽ᠠᠮᠤ ᠪᠤᠳᠠᠭᠠᠨ ᠤ ᠤᠨᠠᠯᠲᠠ ᠶᠢ 1.4 ᠲᠦᠮᠡᠨ ᠳ᠋ᠦᠩᠰᠢᠭᠤᠷ ᠵᠢᠩ ᠣᠷᠴᠢᠮ ᠬᠦᠷᠭᠡᠬᠦ︾ ᠶᠢ ᠨᠢᠭᠡᠨᠲᠡ ᠮᠠᠨ ᠤ ᠤᠯᠤᠰ ᠤᠨ ᠡᠨᠡ ᠵᠢᠯ ᠤᠨ | ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠳᠤ ᠣᠷᠣᠭᠤᠯᠪᠠ᠃ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠬᠠᠪᠤᠷ ᠤᠨ ᠲᠠᠷᠢᠶᠠᠯᠠᠭ᠎ᠠ ᠶᠢᠨ ᠠᠵᠢᠯ ᠢ | ᠰᠠᠶᠢᠲᠤᠷ ᠬᠢᠪᠡᠯ᠂ ᠮᠠᠨ ᠤ ᠡᠯᠪᠡᠭ ᠬᠤᠷᠢᠶᠠᠯᠲᠠ ᠶᠢᠨ ᠰᠠᠭᠤᠷᠢ ᠯᠠᠪᠲᠠᠢ ᠨᠡᠩ ᠪᠠᠲᠤ ᠪᠠᠬᠢ ᠪᠣᠯᠬᠤ ᠶᠤᠮ᠃ | ︵ᠰᠢᠨᠬᠤᠸᠠ ᠬᠤᠷᠢᠶ᠎ᠠ ᠶᠢᠨ ᠪᠡᠬᠡᠵᠢᠩ ᠤᠨ ᠴᠠᠬᠢᠯᠭᠠᠨ ᠮᠡᠳᠡᠭᠡ︶ | | |