ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 6 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠣᠷᠴᠢᠭᠤᠯᠤᠭᠰᠠᠨ ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠭᠡᠬᠦ ᠨᠣᠮ ᠤᠨ ᠢᠰᠫᠠᠨᠢ ᠬᠡᠯᠡᠨ ᠤ ᠬᠡᠪᠯᠡᠯ ᠢ ᠣᠶᠢᠷ᠎ᠠ ᠳᠤ ᠲᠥᠪ ᠤᠨ ᠨᠠᠶᠢᠷᠠᠭᠤᠯᠤᠨ ᠣᠷᠴᠢᠭᠤᠯᠬᠤ | ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠳᠤ ᠲᠠᠷᠬᠠᠭᠠᠪᠠ᠃ | ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠶᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ᠂ ᠰᠢ ᠶᠢᠨ ᠫᠢᠩ | ᠨᠥᠬᠦᠷ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠶᠢ ᠣᠷᠣᠭᠤᠯᠪᠠ᠃ | ᠲᠣᠰ ᠨᠣᠮ ᠤᠨ ᠢᠰᠫᠠᠨᠢ ᠬᠡᠯᠡᠨ ᠤ ᠬᠡᠪᠯᠡᠯ ᠪᠣᠯᠣᠨ ᠲᠦᠷᠦᠭᠦᠬᠡᠨ ᠬᠡᠪᠯᠡᠭᠳᠡᠭᠰᠡᠨ ᠠᠩᠭ᠍ᠯᠢ ᠭᠡᠯᠡ᠂ ᠹᠷᠠᠨᠼᠢ ᠭᠡᠯᠡ᠂ ᠣᠷᠣᠰ ᠭᠡᠯᠡ᠂ ᠠᠷᠠᠪ ᠭᠡᠯᠡ᠂ ᠶᠠᠫᠤᠨ | ᠬᠡᠯᠡᠨ ᠤ ᠬᠡᠪᠯᠡᠯ ᠨᠢ ᠭᠠᠳᠠᠭᠠᠳᠤ ᠶᠢᠨ ᠤᠩᠰᠢᠭᠴᠢᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠨᠣᠯ ᠤᠨ ᠰᠢᠰᠲ᠋ᠧᠮ ᠪᠣᠯᠣᠨ | ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠠᠮᠵᠢᠯᠲᠠ ᠲᠠᠢ ᠪᠠᠷ ᠵᠠᠮᠨᠠᠭᠰᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ᠂ ᠡᠭᠦᠳᠦᠨ ᠪᠦᠲᠦᠭᠡᠭᠰᠡᠨ | ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ᠂ ᠢᠯᠡᠷᠡᠭᠦᠯᠦᠭᠰᠡᠨ ᠣᠳᠣᠬᠢᠴᠢᠯᠠᠯᠲᠠ ᠶᠢᠨ ᠰᠢᠨ᠎ᠡ ᠵᠢᠷᠤᠭ ᠲᠥᠰᠥᠪ ᠢ ᠭᠦᠨᠵᠡᠭᠡᠢ ᠣᠶᠢᠯᠠᠭᠠᠵᠤ᠂ | ᠳᠡᠯᠡᠬᠡᠢ ᠨᠡᠶᠢᠭᠡᠮ ᠤᠨ ᠬᠢᠨ ᠤ ᠣᠳᠣᠬᠢᠴᠢᠯᠠᠯᠲᠠ ᠶᠢᠨ ᠵᠠᠮ ᠢᠶᠠᠷ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠬᠤ᠂ ᠡᠩᠬᠡ ᠲᠠᠶᠢᠪᠤᠩ ᠬᠥᠭᠵᠢᠯᠲᠡ᠂ ᠬᠠᠷᠢᠯᠴᠠᠨ | ᠠᠰᠢᠭᠲᠠᠢ ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠬᠠᠮᠲᠤ ᠶᠢᠨ ᠲᠠᠨᠢᠯᠲᠠ ᠶᠢ ᠴᠢᠩᠭᠠᠳᠬᠠᠬᠤ ᠳᠤ | ᠴᠢᠬᠤᠯᠠ ᠠᠴᠢ ᠬᠤᠯᠪᠣᠭᠳᠠᠯ ᠲᠠᠢ ᠶᠤᠮ᠃ | | | |