ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 106 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/7
      4 ᠰᠠᠷ᠎ᠠ ᠶᠢᠨ 3 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 106 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠭᠤᠷᠢᠨ ᠪᠠᠶᠢᠴᠠᠭᠠᠭᠰᠠᠨ ᠠᠵᠢᠯ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠲᠤᠰᠬᠠᠶ ᠰᠡᠳᠦᠪ ᠢᠶᠠᠷ ᠰᠤᠳᠤᠯᠵᠤ᠂ ᠬᠤᠯᠪᠣᠭᠳᠠᠯ ᠪᠥᠬᠦᠶ ᠤᠴᠢᠷ ᠶᠠᠪᠤᠳᠠᠯ ᠢ ᠬᠢᠨᠠᠨ ᠵᠥᠪᠯᠡᠪᠡ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠠᠴᠠ᠂ ᠠᠷᠠᠯᠵᠢᠶᠠᠴᠢᠨ ᠤᠷᠢᠬᠤ ᠪᠠ ᠲᠥᠷᠥᠯ ᠵᠦᠢᠯ ᠢ ᠰᠠᠶᠢᠲᠤᠷ ᠬᠢᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠠᠶᠤᠯᠭᠦᠶ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠶ ᠶᠢᠨ ᠠᠵᠢᠯᠯᠠᠭᠠᠨ ᠤ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠤᠨ᠂ ᠮᠠᠨ ᠤ ᠬᠤᠰᠢᠭᠤᠨ ᠤ 2025 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠬᠦ ᠬᠡᠷᠡᠭᠲᠡᠶ᠃ ᠰᠤᠷᠭᠠᠨ ᠬᠥᠮᠦᠵᠢᠯ ᠤᠨ ᠤᠯᠤᠰ ᠲᠦᠷᠦ ᠶᠢᠨ ᠰᠢᠨᠵᠢ ᠴᠢᠨᠠᠷ᠂ ᠠᠷᠠᠳ ᠲᠦᠮᠡᠨ ᠤ ᠰᠢᠨᠵᠢ ᠴᠢᠨᠠᠷ᠂ ᠪᠠᠶᠢᠯᠳᠤᠬᠤ ᠪᠤᠳᠤᠯᠭ᠎ᠠ ᠶᠢᠨ ᠰᠢᠨᠵᠢ ᠴᠢᠨᠠᠷ ᠢ ᠪᠠᠲᠤ ᠡᠵᠡᠮᠳᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠬᠡᠷᠡᠭᠯᠡᠬᠦ ᠶᠢ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠬᠥᠳᠡᠯᠦᠩᠭᠦᠢ ᠲᠦᠷᠦᠯ ᠵᠦᠢᠯ ᠤᠨ ᠬᠥᠮᠥᠷᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ︽ᠨᠢᠭᠡ ᠵᠢᠷᠤᠭ︾᠂ ︽ᠨᠢᠭᠡ ᠲᠣᠣᠷ︾ ᠢ ᠲᠦᠷᠭᠡᠨ ᠪᠠᠶᠢᠭᠤᠯᠵᠤ᠂ ᠮᠠᠯᠴᠢᠨ ᠲᠠᠷᠢᠶᠠᠴᠢᠨ ᠤ ᠨᠥᠬᠦᠪᠥᠷᠢ ᠱᠠᠩᠨᠠᠯ ᠤᠨ ᠮᠥᠩᠭᠦ ᠶᠢ ᠪᠡᠶᠡᠯᠡᠭᠦᠯᠬᠦ ᠡᠷᠬᠡ ᠬᠠᠷᠢᠭᠤᠴᠠᠯᠭ᠎ᠠ ᠶᠢ ᠪᠡᠶᠡᠯᠡᠭᠦᠯᠬᠦ ᠡᠷᠬᠡ ᠬᠠᠷᠢᠭᠤᠴᠠᠯᠭ᠎ᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠮᠦᠨ ᠪᠠ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠬᠤ ᠬᠡᠷᠡᠭᠲᠡᠢ᠃ ᠡᠬᠢ ᠪᠠᠶᠠᠯᠢᠭ ᠤᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠶᠢᠨ ᠤᠯᠤᠰ ᠤᠨ ᠭᠠᠵᠠᠷ ᠵᠦᠢᠯ ᠤᠨ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠡᠯᠡᠳᠬᠡᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠶ᠃ ᠪᠣᠭᠤᠮᠲᠠ ᠪᠠ ᠳᠣᠲᠣᠷ ᠭᠠᠵᠠᠷ ᠤᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠢ ᠶᠡᠬᠡᠪᠡᠷ ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠦᠬᠦ ᠬᠤᠲᠠ ᠶᠢᠨ ︽ᠤᠮᠠᠷᠠᠲᠤ ᠬᠢᠯᠢ ᠶᠢᠨ ᠰᠣᠶᠣᠯ ᠳᠤ ᠪᠦᠬᠦ ᠲᠠᠯ᠎ᠠ ᠪᠠᠷ ᠠᠭᠤᠰᠤᠯᠴᠠᠬᠤ ᠪᠠ ᠦᠢᠯᠡᠴᠢᠯᠡᠬᠦ︾ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾᠂ ︽ᠠᠭᠤᠰᠤᠯᠴᠠᠬᠤ ᠵᠠᠮ︾ ᠭᠡᠬᠦ ᠭᠤᠷᠪᠠᠨ ᠨᠠᠷᠠᠲᠤ ᠲᠡᠮᠳᠡᠭᠲᠦ ᠶᠢ ᠪᠣᠶ ᠪᠣᠯᠭᠠᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠪᠥᠬᠦ ᠬᠤᠰᠢᠭᠤ ᠪᠠᠷ ᠢᠶᠠᠨ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠲᠥᠪ ᠤᠨ ᠨᠠᠢᠮᠠᠨ ᠵᠣᠷᠪᠣᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠶᠢ ᠲᠠᠰᠤᠷᠠᠯᠲᠠ ᠥᠬᠡᠶ ᠪᠠᠬᠢᠵᠢᠭᠦᠯᠵᠦ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠵᠦ ᠪᠠᠲᠤᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ