4 ᠰᠠᠷ᠎ᠠ ᠶᠢᠨ 6 ᠤ ᠡᠳᠦᠷ᠂ ᠠᠷᠪᠠᠨ ᠨᠢᠭᠡᠳᠦᠭᠡᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠬᠥᠯᠥᠨ | ᠪᠤᠶᠢᠷ ᠤᠨ ᠲᠡᠮᠡᠭᠡ ᠰᠢᠯᠭᠠᠷᠠᠭᠤᠯᠬᠤ ᠤᠷᠤᠯᠳᠤᠭᠠᠨ ᠮᠠᠨ ᠤ ᠬᠤᠰᠢᠭᠤᠨ ᠳᠤ ᠶᠠᠪᠤᠭᠳᠠᠵᠤ᠂ ᠮᠠᠯᠵᠢᠬᠤ ᠳᠥᠷᠪᠡᠨ ᠬᠤᠰᠢᠭᠤᠨ ᠠᠴᠠ ᠢᠷᠡᠭᠰᠡᠨ ᠬᠤᠷᠢ ᠭᠠᠷᠤᠶ | ᠲᠡᠮᠡᠭᠡᠴᠢᠨ ᠲᠡᠮᠡᠭᠡ ᠪᠠᠨ ᠠᠪᠴᠤ ᠤᠷᠤᠯᠳᠤᠭᠠᠨ ᠤ ᠲᠤᠬᠠᠶ ᠶᠢᠨ ᠲᠠᠯᠠᠪᠠᠶ ᠳᠤ ᠴᠤᠭᠯᠠᠷᠠᠵᠤ᠂ ᠬᠥᠮᠦᠨ ᠤ ᠰᠡᠳᠬᠢᠯ ᠢ ᠬᠦᠳᠡᠯᠭᠡᠮ᠎ᠡ ᠬᠤᠷᠳᠤᠴᠠ ᠪᠠ ᠤᠷᠮ᠎ᠠ ᠵᠣᠷᠢᠭ | ᠲᠠᠢ ᠪᠠᠷ ᠤᠷᠤᠯᠳᠤᠭᠠᠨ ᠳᠤ ᠣᠷᠣᠯᠴᠠᠪᠠ᠃ | | | | ᠲᠣᠰ ᠤᠳᠠᠭᠠᠨ ᠤ ᠤᠷᠤᠯᠳᠤᠭᠠᠨ ᠢ ᠭᠤᠷᠪᠠᠨ ᠨᠠᠰᠤᠲᠠᠢ ᠲᠡᠮᠡᠭᠡᠨ ᠤ ᠤᠷᠤᠯᠳᠤᠭᠠᠨ ᠪᠠ ᠪᠦᠳᠦᠭᠦᠨ ᠲᠡᠮᠡᠭᠡᠨ ᠤ ᠤᠷᠤᠯᠳᠤᠭᠠᠨ ᠭᠡᠵᠦ ᠬᠤᠪᠢᠶᠠᠵᠠᠢ᠃ | ᠭᠤᠷᠪᠠᠨ ᠨᠠᠰᠤᠲᠠᠢ ᠲᠡᠮᠡᠭᠡ 1800 ᠮᠧᠲᠷ᠂ ᠪᠦᠳᠦᠭᠦᠨ ᠲᠡᠮᠡᠭᠡ 3600 ᠪᠠ 5400 ᠮᠧᠲᠷ ᠤᠨ ᠵᠠᠢ ᠲᠠᠢ ᠤᠷᠤᠯᠳᠤᠪᠠ᠃ ᠤᠷᠤᠯᠳᠤᠭᠠᠨ ᠳᠤ | ᠣᠷᠣᠯᠴᠠᠭᠰᠠᠨ ᠲᠡᠮᠡᠭᠡ ᠳᠠᠪᠬᠢᠵᠤ᠂ ᠲᠠᠯ᠎ᠠ ᠨᠤᠲᠤᠭ ᠳᠡᠭᠡᠷ᠎ᠡ ᠬᠥᠭᠡᠭᠡᠴᠡᠯᠳᠦᠨ ᠮᠠᠰᠢ ᠬᠦᠭᠵᠢᠶᠡᠨ ᠲᠠᠢ ᠪᠠᠶᠢᠯ᠎ᠠ᠃ ᠲᠡᠮᠡᠭᠡ ᠴᠡᠭᠡᠵᠢ ᠴᠦᠷᠬᠦᠯᠡᠨ ᠤᠷᠤᠭᠰᠢ | ᠳᠠᠪᠬᠢᠵᠤ᠂ ᠲᠡᠰᠪᠦᠷᠢ ᠲᠡᠪᠴᠢᠶᠡᠷᠢ ᠪᠠᠷ ᠢᠶᠠᠨ ᠨᠦᠭᠦᠭᠡ ᠪᠠᠨ ᠳᠠᠪᠠᠭ᠋ᠤ ᠪᠠᠷ ᠴᠢᠷᠮᠠᠶᠢᠵᠤ ᠪᠠᠶᠢᠪᠠ᠃ ᠤᠶᠠᠭᠠᠴᠢᠨ ᠲᠡᠮᠡᠭᠡ ᠯᠤᠭ᠎ᠠ ᠨᠢᠭᠲᠠ ᠤᠶᠠᠯᠳᠤᠵᠤ᠂ ᠡᠴᠦᠰ ᠤᠨ | ᠴᠡᠭ ᠥᠭᠡᠳᠡ ᠪᠦᠬᠦ ᠬᠦᠴᠦ ᠪᠠᠷ ᠢᠶᠠᠨ ᠰᠢᠪᠲᠤᠯᠤᠨ᠎ᠠ᠃ | ᠲᠣᠰ ᠤᠳᠠᠭᠠᠨ ᠤ ᠤᠷᠤᠯᠳᠤᠭᠠᠨ ᠪᠣᠯ ᠠᠷᠪᠠᠨ ᠨᠢᠭᠡᠳᠦᠭᠡᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ | ᠬᠥᠯᠥᠨ ᠪᠤᠶᠢᠷ ᠤᠨ ᠲᠡᠮᠡᠭᠡ ᠰᠣᠩᠭᠤᠨ ᠰᠢᠯᠭᠠᠷᠠᠭᠤᠯᠬᠤ ᠤᠷᠤᠯᠳᠤᠭᠠᠨ ᠤ ᠴᠢᠬᠤᠯᠠ ᠨᠢᠭᠡ ᠭᠤᠭᠴᠤᠭ᠎ᠠ ᠪᠣᠯᠤᠨ᠎ᠠ᠃ | |