ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 5 ᠳ᠋ᠤᠭᠠᠷ ᠤᠳᠠᠭ᠎ᠠ ᠶᠢᠨ ᠬᠤᠷᠠᠯ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠠᠩᠬᠠᠳᠤᠭᠠᠷ ᠤᠳᠠᠭ᠎ᠠ ᠶᠢᠨ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/7
      4 ᠰᠠᠷ᠎ᠠ ᠶᠢᠨ 3 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠲᠠᠪᠤᠳᠤᠭᠠᠷ ᠤᠳᠠᠭᠠᠨ ᠤ ᠬᠤᠷᠠᠯ᠂ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠵᠢᠴᠢ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠪᠠᠭ ᠤᠨ ᠪᠦᠷᠢᠯᠳᠦᠬᠦᠨ ᠶᠡᠷᠦᠩᠬᠡᠢ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠬᠦᠴᠦᠯᠡᠨ ᠰᠢᠯᠢᠳᠡᠭᠵᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ᠂ ᠠᠮᠢ ᠠᠬᠤᠢ ᠶᠢᠨ ᠤᠯᠠᠭᠠᠨ ᠱᠤᠭᠤᠮ ᠢ ᠪᠠᠲᠤ ᠰᠠᠬᠢᠵᠤ᠂ ᠦᠢᠯᠡᠳᠪᠦᠷᠢᠯᠡᠯ ᠡᠳ᠋ᠰᠢᠭᠦᠯᠦᠯᠲᠡ ᠪᠣᠷᠣᠯᠠᠭᠤᠯᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠭᠠᠵᠠᠷ ᠣᠷᠣᠨ ᠤ ᠬᠥᠲᠥᠯᠦᠨ ᠳᠠᠭᠠᠭᠤᠯᠬᠤ ᠪᠠ ᠤᠬᠠᠭᠤᠯᠵᠤ ᠬᠥᠲᠥᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ︽ᠬᠤᠶᠠᠷ ᠡᠷᠡᠰ ᠭᠤᠶᠢᠪᠢᠰᠢ ᠥᠬᠡᠶ︾ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠤᠷᠤᠭᠰᠢᠲᠠᠶ ᠳᠠᠭᠤᠰᠬᠠᠬᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠨ ᠡᠬᠢᠯᠡᠯᠲᠡ ᠳᠤ ᠪᠠᠲᠤ ᠰᠠᠭᠤᠷᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠵᠦ ᠪᠠᠲᠤᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ