ᠰᠢᠨ᠎ᠡ ᠪᠠᠷᠭᠤ ᠪᠠᠷᠠᠭᠤᠨ ᠬᠤᠰᠢᠭᠤ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠬᠦᠯᠵᠦ ᠨᠤᠳᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠠᠯᠬᠠᠪᠴᠢ ᠶᠢ ᠪᠠᠬᠢᠵᠢᠬᠦᠯᠪᠡ
ᠨᠡᠶᠢᠲᠡᠯᠡᠭᠰᠡᠨ ᠴᠠᠭ᠄
2025/4/7
      4 ᠰᠠᠷ᠎ᠠ ᠶᠢᠨ 3 ᠤ ᠡᠳᠦᠷ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠵᠦ᠂ ᠬᠢᠯᠢ ᠬᠢᠵᠠᠭᠠᠷ ᠶᠢᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ︽119︾ ᠲᠥᠷᠥᠯ ᠵᠦᠢᠯ ᠪᠠ ᠡᠳ᠋ ᠪᠣᠳᠠᠰ ᠢ ᠲᠣᠬᠢᠷᠠᠭᠤᠯᠬᠤ ᠠᠵᠢᠯᠯᠠᠭ᠎ᠠ ᠶᠢ ᠵᠡᠷᠭᠡᠪᠡᠷ ᠡᠬᠢᠯᠡᠭᠦᠯᠵᠦ ᠂ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢ ᠴᠢᠩᠭᠠᠳᠬᠠᠬᠤ ᠪᠠᠷ ᠳᠠᠮᠵᠢᠭᠤᠯᠤᠨ᠂ ᠬᠠᠩᠰᠢ ᠶᠢᠨ ᠠᠮᠠᠷᠠᠯᠲᠠ ᠪᠠ ᠬᠠᠪᠤᠷ ᠤᠨ ᠤᠯᠠᠷᠢᠯ ᠤᠨ ᠭᠠᠯ ᠤᠨ ᠠᠶᠤᠯ ᠤᠨ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠠᠷᠭᠠᠴᠠᠵᠤ᠂ ᠨᠤᠲᠤᠭ ᠪᠡᠯᠴᠢᠭᠡᠷ ᠤᠨ ᠠᠮᠢ ᠠᠬᠤᠶ ᠬᠢᠭᠡᠳ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠬᠢᠨ ᠬᠠᠮᠠᠭᠠᠯᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠢᠦᠶ ᠸᠧᠨ ᠴᠧᠩ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠬᠠᠨ ᠶᠦᠩ ᠯᠢ ᠠᠵᠢᠯᠯᠠᠭ᠎ᠠ ᠳᠤ ᠣᠷᠣᠯᠴᠠᠪᠠ᠃      ᠬᠠᠩᠰᠢ ᠶᠢᠨ ᠡᠳᠦᠷ ᠤᠨ ᠲᠠᠬᠢᠯᠭ᠎ᠠ ᠶᠢᠨ ᠠᠵᠢᠯᠯᠠᠭ᠎ᠠ ᠪᠠ ᠬᠠᠪᠤᠷ ᠤᠨ ᠭᠠᠩ ᠬᠠᠭᠰᠠᠷᠠᠭᠠᠨ ᠠᠴᠠ ᠪᠣᠯᠤᠭᠰᠠᠨ ᠭᠠᠯ ᠤᠨ ᠠᠶᠤᠯ ᠤᠨ ᠳᠠᠯᠳᠠ ᠭᠡᠮ ᠳᠤ ᠴᠢᠭᠯᠡᠭᠦᠯᠦᠨ᠂ ᠮᠠᠨ ᠤ ᠬᠤᠰᠢᠭᠤ ᠣᠯᠠᠨ ᠵᠦᠢᠯ ᠤᠨ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ ᠠᠪᠤᠪᠠ᠃ ᠰᠦᠯᠵᠢᠶᠡᠨ ᠳᠡᠭᠡᠷ᠎ᠡ ᠣᠯᠠᠨ ᠨᠡᠶᠢᠲᠡ ᠶᠢᠨ ᠲᠠᠪᠴᠠᠩ᠂ ᠸᠢᠴᠠᠲ ᠤᠨ ᠬᠤᠯᠪᠣᠭ᠎ᠠ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠰᠣᠷᠭᠤᠭ ᠴᠡᠴᠡᠭ ᠤᠨ ᠲᠠᠬᠢᠯᠭ᠎ᠠ ᠵᠡᠷᠭᠡ ᠪᠣᠯᠪᠠᠰᠤᠨ ᠠᠷᠭ᠎ᠠ ᠮᠠᠶ᠋ᠢᠭ ᠢ ᠤᠬᠠᠭᠤᠯᠵᠤ᠂ ᠰᠦᠯᠵᠢᠶᠡᠨ ᠭᠠᠳᠠᠨ᠎ᠠ ᠵᠠᠮ ᠬᠠᠷᠢᠯᠴᠠᠭᠠᠨ ᠤ ᠴᠢᠬᠤᠯᠠ ᠠᠭᠤᠯᠵᠠᠷ ᠬᠡᠰᠡᠭ ᠲᠤ ᠪᠠᠶᠢᠴᠠᠭᠠᠬᠤ ᠥᠷᠲᠡᠭᠡ ᠭᠠᠷᠭᠠᠵᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ᠂ ᠭᠠᠯ ᠤᠨ ᠵᠦᠢᠯ ᠠᠪᠴᠤ ᠶᠠᠪᠤᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠭᠠᠯ ᠤᠨᠲᠠᠷᠠᠭᠠᠬᠤ ᠠᠩᠭᠢ ᠶᠢᠨ ᠬᠢᠨ ᠭᠠᠯ ᠤᠨᠲᠠᠷᠠᠭᠠᠬᠤ ᠪᠠᠭᠠᠵᠢ ᠶᠢ ᠤᠷᠢᠳᠴᠢᠯᠠᠨ ᠪᠦᠷᠢᠨ ᠪᠡᠯᠡᠳᠬᠡᠵᠦ᠂ ᠪᠠᠴᠢᠮ ᠪᠠᠶᠢᠳᠠᠯ ᠢ ᠠᠷᠭᠠᠴᠠᠬᠤ ᠶᠠᠪᠤᠴᠠ ᠶᠢ ᠰᠢᠯᠢᠳᠡᠭᠵᠢᠭᠦᠯᠬᠦ ᠶᠢᠨ ᠬᠠᠮᠲᠤ ᠂ ᠵᠢᠵᠢᠭᠦᠷᠯᠡᠭᠴᠢ ᠲᠣᠬᠢᠷᠠᠭᠤᠯᠤᠨ ᠡᠳᠦᠷ ᠰᠥᠨᠢ ᠥᠬᠡᠶ ᠵᠢᠵᠢᠭᠦᠷᠯᠡᠨ ᠰᠠᠬᠢᠵᠤ᠂ ᠭᠠᠯ ᠤᠨ ᠪᠠᠶᠢᠳᠠᠯ ᠠᠩᠬ᠎ᠠ ᠡᠭᠦᠰᠬᠦ ᠱᠠᠲᠤᠨ ᠳᠤ ᠲᠦᠷᠭᠡᠨ ᠴᠤᠭᠯᠠᠷᠠᠨ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠪᠡ᠃      ᠣᠶᠢᠯᠠᠭᠠᠭᠰᠠᠨ ᠢᠶᠠᠷ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠣᠰ ᠲᠣᠰ ᠡᠯ᠎ᠡ ᠰᠤᠮᠤ ᠪᠠᠯᠭᠠᠰᠤᠨ ᠳᠤ ᠰᠠᠯᠬᠢᠨ ᠬᠦᠴᠦᠨ ᠤ ᠭᠠᠯ ᠤᠨᠲᠠᠷᠠᠭᠠᠬᠤ ᠮᠠᠰᠢᠨ 119 ᠪᠠ ᠡᠭᠦᠷᠬᠦ ᠬᠡᠯᠪᠡᠷᠢ ᠶᠢᠨ ᠰᠠᠯᠬᠢᠨ ᠬᠦᠴᠦᠨ ᠤ ᠭᠠᠯ ᠤᠨᠲᠠᠷᠠᠭᠠᠬᠤ ᠮᠠᠰᠢᠨ 21 ᠰᠠᠤᠷᠢ ᠶᠢ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠵᠤ ᠭᠠᠯ ᠤᠨᠲᠠᠷᠠᠭᠠᠬᠤ ᠳᠤ ᠬᠡᠷᠡᠭᠯᠡᠵᠦ᠂ ᠨᠢᠰᠬᠡᠭᠴᠢ ᠦᠭᠡᠢ ᠨᠢᠰᠬᠦ ᠬᠡᠷᠡᠭᠰᠡᠯ ᠢᠶᠠᠷ ᠲᠣᠭᠤᠷᠢᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠵᠤ ᠭᠠᠯ ᠤᠨᠲᠠᠷᠠᠭᠠᠬᠤ ᠳᠤ ᠬᠡᠷᠡᠭᠯᠡᠨ᠂ ᠴᠠᠭ ᠲᠤᠬᠠᠶ ᠳᠤᠨᠢ ᠢᠯᠡᠷᠡᠭᠦᠯᠬᠦ᠂ ᠲᠦᠷᠭᠡᠨ ᠨᠥᠬᠦᠪᠥᠷᠢᠯᠡᠬᠦ ᠰᠡᠷᠭᠡᠶᠢᠯᠡᠨ ᠡᠵᠡᠮᠳᠡᠬᠦ ᠬᠡᠯᠬᠢᠶ᠎ᠡ ᠶᠢ ᠪᠣᠶ ᠪᠣᠯᠭᠠᠵᠤ᠂ ᠭᠠᠯ ᠤᠨ ᠪᠠᠶᠢᠳᠠᠯ ᠢ ᠳᠠᠭᠠᠬᠤ ᠪᠠ ᠤᠨᠲᠠᠷᠠᠭᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃      ᠲᠣᠰ ᠤᠳᠠᠭᠠᠨ ᠤ ᠪᠣᠯᠪᠠᠰᠤᠷᠠᠯ ᠨᠢ ᠦᠨᠳᠦᠰᠦᠨ ᠱᠠᠲᠤᠨ ᠤ ᠠᠵᠢᠯᠲᠠᠨ ᠤ ᠭᠠᠯ ᠢ ᠰᠡᠷᠭᠡᠶᠢᠯᠡᠬᠦ ᠤᠬᠠᠮᠰᠠᠷ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠭᠠᠯ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠶᠢ ᠪᠦᠲᠦᠮᠵᠢᠲᠡᠶ ᠪᠠᠲᠤᠯᠠᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠭᠠᠯ ᠢ ᠰᠡᠷᠭᠡᠶᠢᠯᠡᠬᠦ ᠬᠤᠭᠤᠴᠠᠭᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠬᠡᠷᠡᠭᠴᠡᠭᠡ ᠠᠴᠠ ᠨᠢ ᠲᠤᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠣᠭᠤᠷᠢᠨ ᠪᠠᠶᠢᠴᠠᠭᠠᠵᠤ ᠬᠠᠮᠵᠢᠯᠴᠠᠬᠤ ᠶᠢ ᠴᠢᠩᠭᠠᠳᠬᠠᠨ᠂ ᠪᠣᠳᠠᠲᠠᠶ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠠᠮᠤᠷ ᠲᠦᠪᠰᠢᠨ ᠤ ᠬᠥᠪᠴᠢ ᠶᠢ ᠴᠢᠩᠭᠠᠯᠠᠵᠤ᠂ ︽ᠭᠠᠯ ᠢ ᠰᠡᠷᠭᠡᠶᠢᠯᠡᠬᠦ ᠬᠡᠷᠡᠮ︾ ᠢ ᠪᠠᠲᠤ ᠴᠣᠭᠴᠠᠯᠠᠵᠤ᠂ ᠭᠠᠯ ᠢ ᠰᠡᠷᠭᠡᠶᠢᠯᠡᠬᠦ ᠪᠠᠶᠢᠳᠠᠯ ᠤᠨ ᠲᠣᠭᠲᠠᠭᠤᠨ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ