ᠤᠰᠤᠨ ᠠᠰᠢᠭᠯᠠᠯᠲᠠ ᠶᠢᠨ ᠲᠢᠩᠬᠢᠮ ᠪᠠ ᠳᠤᠮᠳᠠᠳᠤ ᠤᠯᠤᠰ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠨᠢ ᠤᠰᠤ ᠠᠷᠪᠢᠯᠠᠬᠤ ᠠᠵᠤ | ᠦᠢᠯᠡᠰ ᠤᠨ ᠬᠥᠭᠵᠢᠯᠲᠡ ᠶᠢ ᠮᠥᠩᠭᠦᠨ ᠭᠦᠢᠯᠭᠡᠭᠡᠨ ᠢᠶᠠᠷ ᠳᠡᠮᠵᠢᠬᠦ ᠪᠠᠨ ᠬᠤᠯᠪᠣᠭᠠᠯᠠᠨ ᠠᠬᠢᠭᠤᠯᠵᠤ ᠪᠣᠢ᠃ 4 ᠳ᠋ᠦ᠋ᠭᠡᠷ ᠰᠠᠷ᠎ᠠ ᠶᠢᠨ 2 ᠤᠨ ᠡᠳᠦᠷ᠂ ᠤᠰᠤᠨ | ᠠᠰᠢᠭᠯᠠᠯᠲᠠ ᠶᠢᠨ ᠲᠢᠩᠬᠢᠮ ᠬᠢᠭᠡᠳ ᠳᠤᠮᠳᠠᠳᠤ ᠤᠯᠤᠰ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠭᠰᠠᠨ ᠪᠥᠭᠡᠳ ︽ᠤᠰᠤ ᠠᠷᠪᠢᠯᠠᠬᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠮᠥᠩᠭᠦᠨ | ᠭᠦᠢᠯᠭᠡᠭᠡᠨ ᠢᠶᠠᠷ ᠳᠡᠮᠵᠢᠬᠦ ᠲᠤᠬᠠᠢ ᠬᠡᠷᠡᠭᠵᠢᠭᠦᠯᠬᠦ ᠰᠠᠨᠠᠯ︾ ᠢ ᠬᠤᠯᠪᠣᠭᠠᠯᠠᠨ ᠨᠡᠶᠢᠲᠡᠯᠡᠪᠡ᠃ ︽ᠬᠡᠷᠡᠭᠵᠢᠭᠦᠯᠬᠦ ᠰᠠᠨᠠᠯ︾ ᠳᠤ᠂ ᠳᠤᠮᠳᠠᠳᠤ ᠤᠯᠤᠰ ᠤᠨ ᠪᠠᠩᠬᠢ ᠪᠥᠬᠦ | ᠣᠷᠣᠨ ᠤ ᠤᠰᠤ ᠠᠷᠪᠢᠯᠠᠬᠤ ᠠᠵᠤ ᠦᠢᠯᠡᠰ ᠤᠨ ᠭᠤᠣᠯᠳᠠᠯᠭ᠎ᠠ ᠯᠤᠭ᠎ᠠ ᠲᠣᠬᠢᠷᠠᠬᠤ ᠬᠦᠷᠢᠶᠡᠨ ᠤ ᠭᠤᠣᠯ ᠴᠣᠭᠴᠠ ᠳᠤ 100 ᠳ᠋ᠦᠩᠰᠢᠭᠤᠷ ᠲᠥᠭᠦᠷᠢᠭ ᠠᠴᠠ | ᠳᠣᠣᠷ᠎ᠠ ᠦᠭᠡᠢ ᠰᠠᠨᠠᠮᠵᠢ ᠶᠢᠨ ᠴᠢᠨᠠᠷᠲᠠᠢ ᠪᠡᠯᠡ ᠲᠣᠬᠢᠷᠠᠭᠤᠯᠬᠤ ᠬᠡᠮᠵᠢᠶ᠎ᠡ ᠪᠠᠷ ᠳᠡᠮᠵᠢᠯᠭᠡ ᠬᠠᠩᠭᠠᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠡᠭᠦᠰᠦᠭᠰᠡᠨ ᠠᠵᠤ ᠦᠢᠯᠡᠰ᠂ ᠪᠣᠬᠢᠷᠲᠤᠯ ᠦᠭᠡᠢ ᠵᠢᠭᠡᠯᠡᠯᠭᠡ᠂ ᠳᠡᠭᠡᠳᠦ ᠦᠵᠦᠭᠦᠷ ᠤᠨ ᠦᠢᠯᠡᠳᠬᠦ ᠦᠢᠯᠡᠰ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠪᠣᠯᠬᠤ ᠬᠦᠷᠢᠶᠡᠨ ᠳᠠᠬᠢ ᠬᠦᠦ ᠮᠥᠩᠭᠦᠨ ᠤ ᠨᠣᠷᠮ᠎ᠠ ᠪᠠᠷ ᠬᠠᠷᠠᠭᠠᠯᠵᠠᠯ | ᠦᠵᠡᠭᠦᠯᠬᠦ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ︔ ᠤᠰᠤ ᠠᠷᠪᠢᠯᠠᠬᠤ ᠲᠥᠷᠥᠯ ᠵᠦᠢᠯ ᠤᠨ ᠡᠵᠡᠩᠨᠡᠨ ᠠᠵᠢᠯᠯᠠᠬᠤ ᠦᠶᠡᠯᠡᠯ ᠢ ᠦᠨᠳᠦᠰᠦᠯᠡᠨ ᠵᠣᠭᠤᠰ | ᠪᠤᠴᠠᠭᠠᠨ ᠲᠥᠯᠥᠬᠦ ᠲᠥᠯᠥᠪᠯᠡᠭᠡ ᠶᠢ ᠵᠦᠢ ᠵᠣᠬᠢᠰᠲᠠᠢ ᠲᠣᠬᠢᠷᠠᠭᠤᠯᠵᠤ᠂ ᠠᠮᠢᠳᠤᠯᠢᠭ ᠢᠶᠠᠷ ᠲᠣᠬᠢᠷᠠᠭᠤᠯᠬᠤ ᠠᠷᠭ᠎ᠠ ᠮᠠᠶ᠋ᠢᠭ ᠢ ᠠᠪᠴᠤ᠂ ᠲᠥᠷᠥᠯ ᠵᠦᠢᠯ ᠤᠨ ᠵᠣᠭᠤᠰ | ᠪᠤᠴᠠᠭᠠᠨ ᠲᠥᠯᠥᠬᠦ ᠳᠠᠷᠤᠭᠠᠰᠤ ᠶᠢ ᠨᠢ ᠪᠦᠲᠦᠮᠵᠢᠲᠡᠶ ᠬᠥᠩᠭᠡᠷᠡᠭᠦᠯᠦᠨ᠎ᠡ︔ ᠨᠥᠬᠦᠴᠡᠯ ᠳᠤ ᠨᠡᠶᠢᠴᠡᠭᠰᠡᠨ ᠤᠰᠤ ᠬᠡᠷᠡᠭᠯᠡᠬᠦ ᠭᠤᠣᠯ ᠴᠣᠭᠴᠠ ᠶᠢ ᠭᠤᠣᠯᠳᠠᠯᠭ᠎ᠠ | ᠪᠣᠯᠬᠤ ᠬᠡᠷᠡᠭᠯᠡᠭᠴᠢᠳ ᠤᠨ ᠬᠠᠮᠢᠶᠠᠷᠤᠯᠲᠠ ᠳᠤ ᠤᠷᠢᠳ ᠢᠶᠠᠷ ᠣᠷᠣᠭᠤᠯᠵᠤ᠂ ᠢᠲᠡᠭᠡᠮᠵᠢ ᠣᠯᠭᠤᠬᠤ ᠬᠢᠨᠠᠨ ᠵᠥᠪᠰᠢᠶᠡᠷᠡᠯ ᠤᠨ ᠨᠣᠭᠤᠭᠠᠨ ᠨᠡᠪᠲᠡᠷᠡᠯ ᠵᠠᠮ | ᠭᠤᠶᠤᠴᠢᠯᠠᠬᠤ ᠶᠢ ᠨᠢ ᠳᠡᠮᠵᠢᠵᠦ᠂ ᠢᠵᠢ ᠲᠥᠬᠦᠷ ᠪᠡᠯᠡ ᠲᠣᠬᠢᠷᠠᠭᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ︔ ᠤᠰᠤ ᠠᠷᠪᠢᠯᠠᠬᠤ ᠲᠥᠷᠥᠯ ᠵᠦᠢᠯ ᠤᠨ ᠪᠡᠯᠡ | ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ | ᠨᠠᠶᠢᠳᠠᠯᠭ᠎ᠠ ᠶᠢᠨ ᠰᠠᠭᠤᠷᠢ ᠮᠥᠩᠭᠦ ︵REITs︶ ᠶᠢᠨ ᠲᠤᠷᠰᠢᠯᠲᠠ ᠶᠢᠨ ᠴᠡᠭ ᠤᠨ ᠠᠵᠢᠯ ᠳᠤ ᠢᠳᠡᠪᠬᠢᠲᠡᠢ ᠣᠷᠣᠯᠴᠠᠵᠤ᠂ ᠪᠥᠬᠦ ᠴᠤᠪᠤᠷᠠᠯ ᠳᠠᠬᠢ | ᠦᠢᠯᠡᠳᠬᠦᠨ ᠤ ᠦᠢᠯᠡᠴᠢᠯᠡᠭᠡᠨ ᠤ ᠲᠣᠭᠲᠠᠯᠴᠠᠭ᠎ᠠ ᠪᠠ ᠳ᠋ᠢᠭᠢᠲᠴᠢᠯᠡᠭᠰᠡᠨ ᠦᠢᠯᠡᠴᠢᠯᠡᠭᠡ ᠶᠢ ᠬᠠᠩᠭᠠᠨ᠎ᠠ᠃ ︵ᠤᠰᠤᠨ ᠠᠰᠢᠭᠯᠠᠯᠲᠠ ᠶᠢᠨ ᠲᠢᠩᠬᠢᠮ︶ |