ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ  ᠰᠦᠨ ᠱᠤᠤ ᠴᠧᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2025/4/7
      4 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃      ᠬᠤᠷᠠᠯ ᠠᠴᠠ 3 ᠰᠠᠷ᠎ᠠ ᠶᠢᠨ 31 ᠤ ᠡᠳᠦᠷ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠠᠵᠢᠯ ᠤᠨ ᠳᠦᠷᠢᠮ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠳᠦᠷᠢᠮ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠬᠤᠷᠴᠠ ᠰᠡᠯᠡᠮ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠬᠢᠨ ᠨᠠᠮ ᠤᠨ ᠲᠥᠪ ᠬᠤᠷᠢᠶ᠎ᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠵᠦᠢᠯ ᠢ ᠭᠤᠣᠯᠳᠠᠯᠭ᠎ᠠ ᠲᠠᠢ ᠠᠳᠬᠤᠬᠤ ᠶᠢ ᠪᠠᠷᠢᠮᠲᠠᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ᠂ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠵᠢᠴᠢ ︽ᠬᠥᠯᠥᠨ ᠨᠠᠭᠤᠷ ᠤᠯᠠᠭᠠᠨᠰᠤᠬᠠᠢ ᠳᠠᠭ᠎ᠠ ᠶᠢᠨ ᠨᠠᠭᠤᠷ︾ ᠤᠨ ᠶᠡᠷᠦᠩᠬᠡᠶᠢᠯᠡᠭᠰᠡᠨ ᠵᠠᠰᠠᠯᠲᠠ ᠵᠡᠷᠭᠡ ᠶᠢ ᠴᠢᠩᠭ᠎ᠠ ᠠᠩᠬᠠᠷᠴᠤ᠂ ᠲᠣᠪᠣᠶᠢᠮ᠎ᠠ ᠠᠰᠠᠭᠤᠳᠠᠯ ᠢ ᠴᠢᠩᠭ᠎ᠠ ᠪᠣᠳᠠᠲᠠᠢ ᠲᠦᠷᠭᠡᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠣᠪᠤᠶᠢᠯᠭᠠᠨ᠂ ᠴᠢᠩᠭ᠎ᠠ ᠪᠠᠶᠢᠬᠤ ᠱᠠᠭᠠᠷᠳᠠᠯᠭ᠎ᠠ ᠶᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠨ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢᠨ ︽ᠨᠢᠭᠡ ᠱᠤᠭᠤᠮ︾ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠪᠠᠷ ᠭᠠᠷᠳᠠᠴᠠ ᠪᠣᠯᠭᠠᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠦᠨ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠬᠦ ᠠᠷᠭ᠎ᠠ ᠶᠢ ᠰᠠᠶᠢᠲᠤᠷ ᠬᠡᠷᠡᠭᠯᠡᠵᠦ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠪᠤᠰᠤᠳ ᠬᠢᠨᠠᠯᠲᠠ ᠲᠠᠯᠪᠢᠬᠤ ᠲᠠᠢ ᠨᠠᠩ ᠰᠠᠶᠢᠲᠤᠷ ᠤᠶᠠᠯᠳᠤᠭᠤᠯᠵᠤ᠂ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠣᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠡᠭᠡᠭᠡᠯᠲᠡ ᠬᠢᠬᠦ ᠤᠬᠠᠮᠰᠠᠷ ᠢᠶᠠᠨ ᠴᠢᠩᠭᠠᠳᠬᠠᠵᠤ ᠂ ᠨᠡᠭᠡᠭᠡᠯᠲᠡ ᠬᠢᠬᠦ ᠠᠯᠬᠤᠮ ᠢᠶᠠᠨ ᠲᠦᠷᠭᠡᠳᠬᠡᠵᠦ᠂ ᠠᠷᠭ᠎ᠠ ᠪᠦᠭᠦᠨ ᠢ ᠰᠦᠪᠡᠭᠴᠢᠯᠡᠨ ᠭᠠᠳᠠᠭᠠᠳᠤ ᠶᠢᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠬᠡᠵᠦ᠂ ᠤᠯᠤᠰ ᠤᠨ ᠠᠵᠤ ᠠᠬᠤᠢ ᠶᠢᠨ ᠬᠥᠭᠵᠢᠯᠲᠡ ᠪᠣᠯᠣᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠶᠡᠭᠡ ᠬᠦᠴᠦ ᠣᠷᠣᠭᠤᠯᠵᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠤᠷᠤᠰ᠂ ᠮᠣᠩᠭᠤᠯ ᠲᠡᠶᠢᠰᠢ ᠨᠡᠭᠡᠭᠡᠯᠲᠡ ᠬᠢᠬᠦ ᠪᠠᠨ ᠥᠷᠭᠡᠳᠬᠡᠬᠦ ᠶᠢᠨ ᠬᠠᠮᠲᠤ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠢᠳᠡᠪᠬᠢᠲᠡᠢ ᠥᠷᠭᠡᠳᠬᠡᠵᠦ᠂ ᠨᠡᠩ ᠤᠯᠠᠨ ᠪᠣᠳᠠᠲᠤ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯ ᠭᠠᠷᠳᠠᠴᠠ ᠪᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠦᠪᠰᠢᠨ ᠢ ᠪᠦᠭᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠯᠡᠬᠦ ᠴᠡᠭ ᠢ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠠᠶᠢᠨ ᠰᠠᠶᠢᠬᠠᠨ ᠬᠠᠨᠳᠤᠰᠢ ᠶᠢ ᠪᠠᠲᠤᠯᠠᠵᠤ᠂ ᠪᠦᠭᠦ ᠬᠦᠴᠦᠨ ᠢᠶᠠᠷ ᠢᠶᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠣᠨᠳᠣᠣᠰᠢᠭᠤᠯᠬᠤ ᠳᠤ ᠨᠡᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠴᠢᠳᠠᠪᠤᠷᠢᠲᠠᠨ᠂ ᠪᠡᠯᠡ ᠮᠥᠩᠭᠦ᠂ ᠲᠠᠪᠴᠠᠩ᠂ ᠲᠦᠷᠦᠯ ᠵᠦᠢᠯ᠂ ᠦᠷ᠎ᠡ ᠪᠦᠲᠦᠭᠡᠯ ᠢ ᠣᠨᠳᠣᠣᠰᠢᠭᠤᠯᠬᠤ ᠵᠡᠷᠭᠡ ᠲᠠᠯ᠎ᠠ ᠠᠴᠠ ᠭᠠᠷᠳᠠᠵᠤ ᠪᠦᠭᠦ ᠬᠡᠯᠬᠢᠶᠡᠨ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠰᠢᠯᠤᠭᠤᠳᠬᠠᠵᠤ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠴᠢᠳᠠᠪᠤᠷᠢᠲᠠᠨ ᠢ ᠴᠤᠭᠯᠠᠷᠠᠭᠤᠯᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠪᠠ ᠲᠠᠪᠴᠠᠩ ᠢ ᠬᠡᠷᠡᠭᠯᠡᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠨᠡᠩ ᠴᠢᠬᠤᠯᠠᠴᠢᠯᠠᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠪᠦᠭᠦ ᠬᠦᠴᠦᠨ ᠢᠶᠠᠷ ᠢᠶᠠᠨ ᠪᠤᠵᠠᠭᠠᠶᠢᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠰᠠᠭᠤᠷᠢ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠪᠦᠭᠦ ᠲᠠᠯ᠎ᠠ ᠪᠠᠷ ᠬᠥᠭᠵᠢᠭᠦᠯᠬᠦ ᠶᠢ ᠪᠠᠷᠢᠮᠲᠠᠯᠠᠵᠤ᠂ ᠨᠡᠩ ᠤᠯᠠᠨ ᠨᠤᠲᠤᠭ ᠤᠨ ᠰᠢᠯᠢᠳᠡᠭ ᠴᠢᠳᠠᠪᠤᠷᠢᠲᠠᠨ ᠢ ᠴᠢᠷᠮᠠᠶᠢᠨ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠡᠯ᠎ᠡ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠠᠨ ᠲᠦᠮᠡᠨ ᠤ ᠪᠦᠯᠭᠦᠮ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠵᠤ᠂ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠠᠮᠠᠷᠪᠠ ᠠᠵᠢᠯ ᠢ ᠤᠬᠠᠭᠠᠯᠠᠨ ᠲᠥᠯᠥᠪᠯᠡᠬᠦ ᠳᠤ ᠴᠥᠮ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠪᠠᠷ ᠤᠷᠢᠲᠠᠯ ᠪᠤᠯᠭᠠᠵᠤ᠂ ᠨᠠᠮ ᠤᠨ ᠤᠳᠤᠷᠢᠳᠤᠯᠭ᠎ᠠ ᠶᠢ ᠤᠯᠠᠨ ᠲᠦᠮᠡᠨ ᠤ ᠪᠦᠯᠭᠦᠮ ᠤᠨ ᠠᠵᠢᠯ ᠤᠨ ᠡᠯ᠎ᠡ ᠲᠠᠯ᠎ᠠ᠂ ᠪᠦᠭᠦ ᠶᠠᠪᠤᠴᠠ ᠳᠤ ᠦᠨᠡᠨ ᠬᠦ ᠢᠯᠡᠷᠡᠭᠦᠯᠬᠦ ᠬᠡᠷᠡᠭᠲᠡᠢ᠃ ᠦᠵᠡᠬᠦ ᠳᠤ ᠬᠡᠶᠢᠰᠪᠦᠷᠢ ᠠᠵᠢᠯ ᠢ ᠪᠣᠳᠠᠲᠠᠶᠢᠵᠢᠭᠤᠯᠤᠨ ᠬᠢᠬᠦ ᠶᠢ ᠪᠠᠷᠢᠮᠲᠠᠯᠠᠵᠤ᠂ ︽ᠨᠢᠭᠡ ᠭᠤᠣᠯ ᠰᠢᠵᠢᠮ︾᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠲᠠᠢ ᠨᠢᠭᠲᠠ ᠤᠶᠠᠯᠳᠤᠭᠤᠯᠤᠨ᠂ ᠲᠤᠰ ᠬᠦᠷᠢᠶᠡᠨ ᠤ ᠭᠤᠣᠯᠳᠠᠯᠭ᠎ᠠ ᠲᠠᠢ ᠡᠭᠦᠷᠭᠡ ᠪᠠᠨ ᠰᠢᠰᠲ᠋ᠧᠮ ᠲᠠᠢ ᠲᠥᠯᠥᠪᠵᠢᠭᠦᠯᠵᠦ᠂ ᠭᠤᠣᠯ ᠠᠵᠢᠯ ᠪᠠ ᠶᠡᠭᠡ ᠲᠠᠯ᠎ᠠ ᠳᠤ ᠨᠡᠩ ᠰᠠᠶᠢᠲᠤᠷ ᠠᠩᠬᠠᠷᠤᠯ ᠢᠶᠠᠨ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠠᠬᠢᠭᠤᠯᠵᠤ᠂ ᠲᠣᠰ ᠪᠡᠶ᠎ᠡ ᠶᠢᠨ ᠣᠨᠴᠠᠯᠢᠭ ᠢᠶᠠᠨ ᠦᠨᠳᠦᠰᠦᠯᠡᠨ ᠣᠯᠠᠨ ᠲᠦᠮᠡᠨ ᠤ ᠪᠦᠯᠭᠦᠮ ᠤᠨ ᠠᠵᠢᠯᠯᠠᠭ᠎ᠠ ᠶᠢ ᠲᠥᠯᠥᠪᠯᠡᠨ ᠥᠷᠨᠢᠭᠦᠯᠬᠦ ᠬᠡᠷᠡᠭᠲᠡᠢ᠂ ᠶᠠᠭᠠᠬᠢᠪᠠᠯ ᠣᠯᠠᠨ ᠲᠦᠮᠡᠨ ᠢ ᠬᠥᠮᠥᠵᠢᠭᠦᠯᠬᠦ᠂ ᠳᠠᠶᠢᠴᠢᠯᠠᠬᠤ ᠪᠠ ᠦᠢᠯᠡᠴᠢᠯᠡᠬᠦ ᠳᠤ ᠠᠰᠢᠭᠲᠠᠢ ᠪᠣᠯ ᠲᠡᠭᠡᠵᠤ ᠬᠢᠵᠦ᠂ ᠬᠡᠯᠪᠡᠷᠢᠴᠢ ᠦᠵᠡᠯ ᠪᠠ ︽ᠶᠠᠮᠤᠨ ᠤ ᠰᠤᠷᠲᠠᠯ︾ ᠢ ᠴᠢᠩᠭ᠎ᠠ ᠰᠡᠷᠭᠡᠶᠢᠯᠡᠬᠦ ᠬᠡᠷᠡᠭᠲᠡᠢ᠃ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠪᠠᠷ ᠴᠣᠩᠬᠤᠪᠴᠢ ᠪᠣᠯᠭᠠᠨ ᠤᠯᠠᠨ ᠲᠦᠮᠡᠨ ᠳᠤ ᠰᠢᠯᠢᠳᠡᠭ ᠰᠠᠶᠢᠨ ᠨᠠᠮ ᠤᠨ ᠰᠤᠷᠲᠠᠯ ᠵᠠᠰᠠᠭ ᠤᠨ ᠰᠤᠷᠲᠠᠯ ᠢ ᠳᠡᠯᠭᠡᠨ ᠦᠵᠡᠭᠦᠯᠭᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠤᠯᠠᠨ ᠲᠦᠮᠡᠨ ᠤ ᠪᠦᠯᠭᠦᠮ ᠤᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢᠶᠠᠨ ᠥᠷᠨᠢᠭᠦᠯᠬᠦ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 2024 ᠣᠨ ᠤ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢ ᠰᠢᠯᠭᠠᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ