ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠣᠳᠣᠬᠠᠨ ᠳᠤ ᠪᠦᠬᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠨ᠎ᠠ᠃ ᠡᠨᠡ ᠪᠣᠯ ᠭᠤᠣᠯ ᠰᠡᠳᠦᠪᠲᠦ ᠬᠥᠮᠦᠵᠢᠯ ᠪᠣᠯᠤᠨ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠭᠦᠨᠵᠡᠭᠡᠶᠢᠷᠡᠬᠦᠯᠤᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠮ ᠤᠨ ᠭᠡᠰᠢᠭᠦᠨ ᠪᠠ ᠤᠯᠠᠨ ᠲᠦᠮᠡᠨ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ | ᠨᠢᠭᠲᠠᠷᠠᠭᠤᠯᠬᠤ᠂ ᠨᠠᠮ ᠤᠨ ᠲᠦᠷᠦ ᠪᠠᠷᠢᠬᠤ ᠰᠠᠭᠤᠷᠢ ᠶᠢ ᠪᠠᠬᠢᠵᠢᠭᠦᠯᠬᠦ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠪᠦᠬᠦ ᠨᠠᠮ ᠤᠨ ᠭᠡᠰᠢᠭᠦᠨ ᠢᠯᠠᠩᠭᠤᠶ᠎ᠠ | ᠤᠳᠤᠷᠢᠳᠬᠤ ᠺᠠᠳ᠋ᠷ ᠡᠷᠬᠡᠪᠰᠢ ᠨᠠᠷᠢᠨ ᠬᠢᠨᠠᠮᠠᠭᠠᠢ ᠲᠥᠪ ᠴᠢᠩᠭ᠎ᠠ ᠬᠠᠨᠳᠤᠬᠤ ᠬᠡᠷᠡᠭᠲᠡᠢ᠃ | ︽ᠵᠠᠷᠢᠮ ᠤᠳᠤᠷᠢᠳᠤᠯᠭ᠎ᠠ ᠪᠤᠰᠤᠳ ᠤᠨ ᠪᠡᠶ᠎ᠠ ᠲᠡᠭᠡᠷᠡᠬᠢ ᠠᠰᠠᠭᠤᠳᠠᠯ ᠢ ᠤᠯᠵᠤ ᠬᠠᠷᠠᠬᠤ ᠠᠴᠠ ᠪᠢᠰᠢ ᠦᠪᠡᠷ ᠤᠨ ᠪᠡᠶ᠎ᠠ ᠲᠡᠭᠡᠷᠡᠬᠢ ᠠᠰᠠᠭᠤᠳᠠᠯ ᠢᠶᠠᠨ | ᠤᠯᠵᠤ ᠬᠠᠷᠠᠬᠤ ᠦᠭᠡᠢ ᠪᠠᠶᠢᠳᠠᠭ︾᠂ ︽ᠠᠰᠠᠭᠤᠳᠠᠯ ᠪᠣᠯ ᠬᠡᠵᠢᠶᠡᠳᠡ ᠪᠤᠰᠤᠳᠴᠢ ᠪᠠᠶᠢᠳᠠᠭ᠂ ᠠᠯᠳᠠᠭ᠎ᠠ ᠪᠣᠯ ᠬᠡᠵᠢᠶᠡᠳᠡ ᠪᠤᠰᠤᠳ ᠤᠨ ᠬᠢ ᠪᠠᠶᠢᠳᠠᠭ︾ ᠁ | ᠡᠳᠡᠭᠡᠷ ᠳᠦᠷᠰᠦᠯᠢᠭ ᠬᠡᠯᠡᠯᠭᠡ ᠨᠢ ᠵᠠᠷᠢᠮ ᠤᠳᠤᠷᠢᠳᠬᠤ ᠺᠠᠳ᠋ᠷᠴᠤᠳ ᠤᠨ ᠳᠣᠣᠷᠠᠬᠢ ᠬᠥᠮᠦᠰ ᠢᠶᠠᠨ ᠬᠠᠷᠠᠵᠤ᠂ ᠵᠥᠪᠬᠡᠨ ᠪᠤᠰᠤᠳ ᠲᠤ ᠱᠠᠭᠠᠷᠳᠠᠯᠭ᠎ᠠ ᠳᠤᠷᠠᠳᠴᠤ᠂ | ᠥᠪᠡᠷ ᠢ ᠪᠠᠨ ᠬᠡᠷᠡᠭ ᠤᠨ ᠭᠠᠳᠠᠨ᠎ᠠ ᠪᠠᠶᠢᠯᠭᠠᠬᠤ ᠰᠤᠷᠲᠠᠯ ᠤᠨ ᠠᠰᠠᠭᠤᠳᠠᠯ ᠢ ᠲᠤᠰᠬᠠᠵᠤ ᠪᠠᠶᠢᠨ᠎ᠠ᠃ ᠲᠦᠷᠢᠮ ᠤᠨ ᠬᠠᠳᠠᠭᠤ ᠴᠢᠨᠠᠷ ᠢ ᠦᠨᠡᠨ ᠬᠦ ︽ | ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠤᠶᠤᠨ ᠰᠠᠨᠠᠭᠠᠨ ᠤ ᠭᠦᠨ ᠳᠤ ᠬᠠᠳᠠᠩᠰᠢᠭᠤᠯᠵᠤ᠂ ᠥᠪᠡᠷ ᠢᠶᠠᠨ ᠬᠠᠷᠢᠭᠤᠴᠠᠯᠭ᠎ᠠ ᠡᠬᠦᠷᠭᠡᠯᠡᠬᠦ ᠪᠠᠷ ᠲᠠᠮᠵᠢᠨ ᠡᠩ ᠤᠨ | ᠨᠠᠮ ᠤᠨ ᠭᠡᠰᠢᠭᠦᠨ ᠳᠤ ᠢᠯᠡ ᠲᠣᠳᠣ ᠤᠳᠤᠷᠢᠳᠤᠮᠵᠢ ᠶᠢ ᠪᠤᠢ ᠪᠣᠯᠭᠠᠬᠤ ᠬᠡᠷᠡᠭᠲᠡᠢ᠃ | ᠤᠳᠤᠷᠢᠳᠬᠤ ᠺᠠᠳ᠋ᠷ ᠭᠡᠬᠦ ᠡᠨᠡ ᠬᠦ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠬᠤ ᠪᠣᠯ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠬᠤ ᠴᠢᠬᠤᠯᠠ ᠬᠦᠴᠦᠯᠡᠬᠦ ᠴᠡᠭ ᠪᠣᠯᠤᠨ᠎ᠠ᠃ ᠲᠥᠪ ᠤᠨ ᠨᠠᠢᠮᠠᠨ ᠲᠣᠭᠲᠠᠭᠠᠯ ᠳᠤ᠂ ᠡᠩ ᠲᠡᠷᠢᠭᠦᠨ ᠳᠤ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ ᠠᠴᠠ ᠡᠬᠢᠯᠡᠨ ᠬᠢᠵᠦ᠂ ᠪᠤᠰᠤᠳ ᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠭᠰᠠᠨ ᠵᠦᠢᠯ ᠢ ᠥᠪᠡᠷ ᠢᠶᠠᠨ ᠤᠷᠢᠳ ᠢᠶᠠᠷ ᠪᠡᠶᠡᠯᠡᠭᠦᠯᠬᠦ | ᠬᠡᠷᠡᠭᠲᠡᠢ᠂ ᠪᠤᠰᠤᠳ ᠢ ᠬᠢᠵᠦ ᠪᠣᠯᠬᠤ ᠦᠭᠡᠢ ᠭᠡᠵᠦ ᠱᠠᠭᠠᠷᠳᠠᠭᠰᠠᠨ ᠵᠦᠢᠯ ᠢ ᠥᠪᠡᠷ ᠢᠶᠠᠨ ᠶᠠᠭᠠᠬᠢᠭᠰᠠᠨ ᠴᠤ ᠬᠢᠵᠦ ᠪᠣᠯᠬᠤ ᠦᠭᠡᠢ ᠭᠡᠵᠦ ᠲᠣᠳᠣᠷᠬᠠᠢ ᠳᠤᠷᠠᠳᠴᠠᠢ | ᠃ ᠨᠠᠮ ᠤᠨ ᠲᠥᠪ ᠬᠤᠷᠢᠶ᠎ᠠ ᠲᠦᠷᠦᠭᠦᠯᠡᠨ ᠬᠡᠪ ᠳᠠᠭᠤᠷᠢᠶᠠᠯ ᠦᠵᠡᠭᠦᠯᠵᠦ᠂ ᠥᠪᠡᠷ ᠢᠶᠠᠨ ᠬᠠᠷᠢᠭᠤᠴᠠᠯᠭ᠎ᠠ ᠡᠬᠦᠷᠭᠡᠯᠡᠵᠤ ᠲᠦᠷᠦᠬᠦᠯᠡᠨ ᠬᠢᠪᠡᠯ ᠪᠤᠰᠤᠳ ᠡᠯ᠎ᠡ | ᠱᠠᠲᠤᠨ ᠤ ᠤᠳᠤᠷᠢᠳᠬᠤ ᠺᠠᠳ᠋ᠷ ᠶᠠᠮᠠᠷ ᠰᠢᠯᠲᠠᠭᠠᠨ ᠢᠶᠠᠷ ᠪᠡᠶ᠎ᠡ ᠪᠠᠷ ᠢᠶᠠᠨ ᠣᠷᠣᠯᠴᠠᠬᠤ ᠦᠭᠡᠢ ᠪᠤᠢ︖ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ | ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠢ ᠪᠠᠶᠢᠵᠤ᠂ ᠲᠣᠭᠲᠠᠭᠠᠯ ᠶᠣᠰᠣᠭᠠᠷ ᠲᠤᠰ ᠭᠠᠵᠠᠷ ᠣᠷᠣᠨ᠂ ᠲᠤᠰ ᠨᠢᠭᠡᠴᠢ ᠶᠢᠨ ᠢᠶᠠᠨ ᠪᠣᠳᠠᠲᠠᠢ ᠠᠰᠠᠭᠤᠳᠠᠯ ᠢ | ᠣᠨᠣᠪᠴᠢᠲᠠᠢ ᠡᠷᠢᠵᠦ᠂ ᠬᠠᠨᠳᠤᠯᠭᠠᠲᠤ ᠴᠢᠨᠠᠷᠲᠠᠢ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠴᠤ᠂ ᠥᠷᠭᠡᠨ ᠤᠯᠠᠨ ᠨᠠᠮ ᠤᠨ ᠭᠡᠰᠢᠭᠦᠨ ᠳᠤ ᠵᠢᠱᠶ᠊ ᠡᠶ᠎ᠡ ᠦᠵᠡᠭᠦᠯᠬᠦ | ᠬᠡᠷᠡᠭᠲᠡᠢ᠃ | ᠲᠥᠪ ᠤᠨ ᠨᠠᠢᠮᠠᠨ ᠲᠣᠭᠲᠠᠭᠠᠯ ᠢ ᠬᠡᠷᠡᠭᠵᠢᠭᠦᠯᠦᠭᠰᠡᠨ ᠠᠷᠪᠠ ᠭᠠᠷᠤᠶ ᠵᠢᠯ ᠤᠨ ᠲᠤᠷᠰᠢ᠂ ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠠᠮᠵᠢᠯᠲᠠ | ᠪᠦᠲᠦᠮᠵᠢ ᠶᠢ ᠬᠥᠮᠦᠨ ᠪᠦᠬᠦᠨ ᠮᠡᠳᠡᠵᠦ ᠪᠠᠶᠢᠨ᠎ᠠ᠂ ᠭᠡᠪᠡᠴᠦ ︽ᠳᠥᠷᠪᠡᠨ ᠰᠤᠷᠲᠠᠯ︾ ᠢ ᠪᠤᠶ ᠪᠣᠯᠭᠠᠭᠰᠠᠨ ᠪᠠ ᠢᠯᠵᠢᠷᠠᠨ ᠳᠣᠷᠦ᠋ᠢᠳᠠᠭᠰᠠᠨ ᠨᠡᠶᠢᠭᠡᠮ ᠤᠨ | ᠰᠣᠶᠣᠯ ᠤᠨ ᠬᠥᠷᠥᠰᠥ ᠰᠢᠷᠣᠶ ᠶᠢ ᠦᠨᠳᠦᠰᠦ ᠪᠠᠷ ᠨᠢ ᠠᠷᠢᠯᠭᠠᠭᠠᠳᠤᠶ ᠪᠠᠶᠢᠭᠰᠠᠭᠠᠷ᠂ ᠰᠤᠷᠲᠠᠯ ᠢ ᠰᠠᠶᠢᠵᠢᠷᠠᠭᠤᠯᠬᠤ ᠳᠤ ᠮᠥᠨ ᠬᠦ ᠤᠷᠲᠤ ᠤᠳᠠᠭᠠᠨ ᠵᠢᠳᠬᠦᠯ | ᠴᠢᠷᠮᠠᠶᠢᠯᠭ᠎ᠠ ᠭᠠᠷᠭᠠᠬᠤ ᠬᠡᠷᠡᠭᠲᠡᠶ᠃ ᠠᠷᠬᠠᠭ ᠭᠡᠮ ᠤᠨ ᠡᠮᠦᠨ᠎ᠡ᠂ ᠢᠯᠠᠩᠭᠤᠶ᠎ᠠ ᠤᠳᠤᠷᠢᠳᠤᠯᠭ᠎ᠠ ᠪᠣᠯᠤᠭᠰᠠᠳ ᠠᠰᠠᠭᠤᠳᠠᠯ ᠢ ᠦᠨᠳᠦᠰᠦ ᠠᠴᠠ ᠨᠢ ᠰᠶᠢᠳᠪᠦᠷᠢᠯᠡᠬᠦ᠂ | ᠳᠣᠭᠰᠢᠨ ᠡᠮ ᠢᠶᠠᠷ ᠡᠪᠡᠳᠴᠢᠨ ᠢᠶᠠᠨ ᠵᠠᠰᠠᠬᠤ ᠰᠥᠰᠥ ᠵᠣᠷᠢᠭ ᠢᠶᠠᠷ ᠲᠦᠷᠦᠭᠦᠯᠡᠨ ᠬᠢᠵᠦ ᠰᠤᠷᠲᠠᠯ ᠤᠨ ᠪᠠᠶᠢᠭᠤᠯᠤᠯᠲᠠ ᠶᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠶ | ᠃ | ᠤᠳᠤᠷᠢᠳᠬᠤ ᠺᠠᠳ᠋ᠷ ᠭᠡᠬᠦ ᠡᠨᠡ ᠬᠦ ︽ᠵᠠᠩᠭᠢᠯᠠᠭ᠎ᠠ ᠶᠢᠨ ᠴᠥᠭᠡᠨ ᠲᠣᠭᠠᠲᠠᠨ︾ ᠰᠠᠶᠢᠳᠤᠷ ᠲᠠᠭᠠᠭᠤᠯᠵᠤ᠂ ᠰᠠᠶᠢᠳᠤᠷ ᠵᠠᠮᠴᠢᠯᠠᠬᠤ ᠪᠣᠯ ᠬᠦᠴᠦᠲᠡᠢ ᠦᠯᠢᠭᠡᠷ | ᠳᠠᠭᠤᠷᠢᠶᠠᠯ ᠮᠥᠨ᠂ ᠨᠡᠩ ᠴᠤ ᠲᠠᠭᠤᠨ ᠦᠭᠡᠢ ᠬᠦᠴᠦᠨ ᠮᠥᠨ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠬᠢᠯᠭᠠᠨ ᠮᠡᠳᠡᠭᠡ︶ |