ᠳᠤᠮᠳᠠᠳᠤ ᠤᠯᠤᠰ ᠤᠨ ᠠᠵᠤ ᠠᠬᠤᠶ ᠶᠢᠨ ᠬᠠᠯᠠᠭᠤᠨ ᠰᠡᠳᠭᠢᠯᠭᠡ ᠰᠢᠨ᠎ᠡ ᠰᠠᠨᠠᠭ᠎ᠠ ᠦᠨᠡᠨᠴᠢ ᠰᠡᠳᠬᠢᠯ
ᠨᠡᠶᠢᠲᠡᠯᠡᠭᠰᠡᠨ ᠴᠠᠭ᠄
2025/4/7
      ᠮᠣᠳᠣᠨ ᠪᠠᠳᠮ᠎ᠠ ᠠᠩᠬ᠎ᠠ ᠳᠡᠯᠭᠡᠷᠡᠵᠦ᠂ ᠬᠠᠶᠢᠲᠠᠩ ᠬᠤᠸᠠᠷ ᠤᠨ ᠠᠩᠬᠢᠯᠤᠮ᠎ᠠ ᠦᠨᠦᠷ ᠬᠠᠩᠬᠤᠯᠤᠨ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠬᠦ ᠬᠠᠪᠤᠷ ᠤᠨ ᠤᠷᠤᠰᠬᠠᠯ ᠪᠢᠯᠬᠠᠨ᠎ᠠ᠃ ᠳᠤᠮᠳᠠᠳᠤ ᠤᠯᠤᠰ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ᠂ ᠪᠥᠸᠧ ᠤᠣ ᠶᠢᠨ ᠠᠽᠢᠶ᠎ᠠ ᠲᠢᠪ ᠤᠨ ᠶᠠᠷᠢᠶᠠᠨ ᠤ ᠲᠠᠪᠴᠠᠩ᠂ ᠵᠦᠩ ᠭᠤᠸᠠᠨ ᠼᠦᠨ ᠤ ᠶᠠᠷᠢᠶᠠᠨ ᠤ ᠲᠠᠪᠴᠠᠩ ᠵᠡᠷᠭᠡ ᠭᠤᠷᠪᠠᠨ ᠲᠠᠯᠠᠪᠤᠷ ᠳᠡᠭᠡᠳᠦ ᠲᠡᠰ ᠤᠨ ᠶᠠᠷᠢᠶᠠᠨ ᠤ ᠲᠠᠪᠴᠠᠩ ᠤᠨ 2025 ᠣᠨ ᠤ ᠬᠤᠷᠠᠯ ᠲᠠᠷᠠᠭᠠᠯᠡᠨ ᠬᠥᠰᠢᠭᠡ ᠪᠠᠨ ᠰᠡᠬᠦᠵᠦ᠂ ᠤᠯᠤᠰ ᠤᠨ ᠲᠤᠳᠤᠭᠠᠳᠤ ᠭᠠᠳᠠᠭᠠᠳᠤ ᠶᠢᠨ ᠮᠠᠰᠢ ᠤᠯᠠᠨ ᠬᠦᠨᠳᠤᠳᠤ ᠵᠤᠴᠢᠳ ᠳᠣᠷᠣᠨᠠᠳᠠᠬᠢᠨ ᠤ ᠪᠤᠯᠵᠤᠭ᠎ᠠ ᠳᠠᠭᠠᠨ ᠰᠠᠭᠠᠳᠠᠪᠠ᠃ ᠬᠤᠷᠠᠯ ᠤᠨ ᠲᠠᠯᠠᠪᠠᠢ ᠶᠢᠨ ᠳᠣᠲᠣᠨ᠎ᠠ ᠭᠠᠳᠠᠨ᠎ᠠ᠂ ᠤᠯᠤᠰ ᠠᠯᠤᠰᠯᠠᠭᠰᠠᠨ ᠺᠣᠮᠫᠠᠨᠢ ᠬᠠᠮᠲᠤᠷᠠᠯᠴᠠᠭᠠᠨ ᠤ ᠠᠵᠠ ᠲᠣᠬᠢᠶᠠᠯ ᠢ ᠡᠷᠢᠯᠬᠢᠯᠡᠵᠦ᠂ ᠬᠦᠷᠦᠩᠭᠡ ᠪᠠᠨ ᠨᠡᠮᠡᠭᠳᠡᠭᠦᠯᠵᠦ ᠬᠦᠷᠦᠩᠭᠡ ᠪᠠᠨ ᠥᠷᠭᠡᠳᠭᠡᠬᠦ ᠪᠠᠷ ᠨᠡᠶᠢᠲᠡᠯᠡᠵᠦ᠂ ᠳᠤᠮᠳᠠᠳᠤ ᠤᠯᠤᠰ ᠤᠨ ᠠᠵᠤ ᠠᠬᠤᠢ ᠳᠤ ᠭᠦᠢᠴᠡᠳ ᠢᠲᠡᠭᠡᠯ ᠲᠠᠢ ᠪᠠᠶᠢᠬᠤ ᠪᠠᠨ ᠢᠯᠡᠷᠡᠭᠦᠯᠪᠡ᠃ ᠣᠳᠣᠬᠠᠨ ᠳᠤ ᠪᠦᠬᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠤᠯᠠᠨ ᠳᠠᠪᠬᠤᠷ ᠥᠷᠢᠰᠥᠯᠳᠦᠭᠡᠨ ᠳᠤ ᠲᠤᠯᠭᠠᠷᠠᠵᠤ ᠪᠠᠶᠢᠭ᠎ᠠ ᠠᠬᠤᠢ ᠪᠠᠶᠢᠳᠠᠯ ᠳᠣᠣᠷ᠎ᠠ᠂ ᠡᠨᠡ ᠬᠦ ︽ᠬᠠᠪᠤᠷ ᠤᠨ ᠪᠣᠯᠵᠤᠭ᠎ᠠ︾ ᠨᠢ ᠨᠡᠩ ᠢᠯᠡᠷᠬᠡᠢ ᠠᠴᠢ ᠬᠤᠯᠪᠣᠭᠳᠠᠯ ᠲᠠᠢ ᠶᠤᠮ᠄ ᠤᠯᠤᠰ ᠠᠯᠤᠰᠯᠠᠭᠰᠠᠨ ᠺᠣᠮᠫᠠᠨᠢ ᠳᠣᠷᠣᠨᠠᠳᠠᠬᠢᠨ ᠳᠤ ᠠᠩᠬᠠᠷᠤᠯ ᠢᠶᠠᠨ ᠬᠠᠨᠳᠤᠭᠤᠯᠵᠤ᠂ ᠯᠤᠲᠤ ᠶᠡᠭᠡ ᠵᠠᠬ᠎ᠠ ᠳᠡᠯᠭᠡᠭᠦᠷ ᠤᠨ ᠳᠠᠯᠳᠠ ᠬᠦᠴᠦᠨ᠂ ᠡᠯᠪᠡᠭ ᠪᠠᠶᠠᠯᠢᠭ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠵᠢᠴᠢ ᠲᠣᠭᠲᠠᠭᠤᠨ ᠲᠦᠷᠦ ᠶᠢᠨ ᠪᠤᠳᠤᠯᠭ᠎ᠠ ᠶᠢᠨ ᠵᠢᠱᠢᠯᠲᠡ ᠠᠴᠠ ᠳᠤᠮᠳᠠᠳᠤ ᠤᠯᠤᠰ ᠤᠨ ᠠᠵᠤ ᠠᠬᠤᠢ ᠶᠢᠨ ᠬᠠᠯᠠᠭᠤᠨ ᠰᠡᠳᠭᠢᠯᠭᠡ᠂ ᠰᠢᠨ᠎ᠡ ᠰᠠᠨᠠᠭ᠎ᠠ᠂ ᠦᠨᠡᠨᠴᠢ ᠰᠡᠳᠭᠢᠯ ᠢ ᠣᠶᠢᠯᠠᠭᠠᠬᠤ ᠪᠣᠯᠤᠨ᠎ᠠ᠃       ᠵᠢᠯ ᠤᠨ ᠡᠬᠢᠨ ᠠᠴᠠ ᠨᠠᠭᠠᠰᠢ᠂ ᠳᠤᠮᠳᠠᠳᠤ ᠤᠯᠤᠰ ᠤᠨ ᠠᠵᠤ ᠠᠬᠤᠶ ᠶᠢᠨ ᠰᠡᠷᠭᠦᠨ ᠰᠠᠶᠢᠵᠢᠷᠠᠬᠤ ᠬᠠᠨᠳᠤᠰᠢ ᠢᠯᠡᠳᠲᠡ ᠪᠣᠯᠵᠣ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠠᠯᠠᠮᠰᠢᠯ ᠴᠡᠭ ᠣᠯᠠᠰᠢᠷᠠᠵᠤ᠂ ᠬᠡᠷᠡᠭᠯᠡᠭᠡᠨ ᠤ ᠳᠠᠯᠳᠠ ᠬᠦᠴᠦᠨ ᠦᠷᠭᠦᠯᠵᠢᠯᠡᠨ ᠢᠯᠡᠷᠡᠪᠡ᠃ ᠡᠨᠡ ᠵᠢᠯ ᠤᠨ ᠲᠦᠷᠦᠭᠦᠦ 2 ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠬᠰᠡᠨ ᠪᠥᠬᠦ ᠲᠤᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4.0% ᠢᠶᠠᠷ ᠨᠡᠮᠡᠭᠳᠡᠪᠡ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠳᠤ ︽ᠬᠡᠷᠡᠭᠯᠡᠭᠡ ᠶᠢ ᠶᠡᠭᠡ ᠪᠠᠷ ᠬᠥᠭᠵᠢᠭᠦᠯᠦᠨ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠭᠡᠬᠦ︾ ᠢᠢ ᠠᠷᠪᠠᠨ ᠶᠡᠭᠡ ᠡᠭᠦᠷᠭᠡ ᠶᠢᠨ ᠲᠡᠷᠢᠭᠦᠨ ᠳᠤ ᠣᠷᠣᠭᠤᠯᠪᠠ᠃ ︽ᠸᠤᠯ ᠵᠡᠭᠡᠯᠢ ᠶᠢᠨ ᠡᠳᠦᠷ ᠤᠨ ᠰᠣᠨᠢᠨ︾ ᠵᠡᠷᠭᠡ ᠭᠠᠳᠠᠭᠠᠳᠤ ᠶᠢᠨ ᠵᠠᠭᠤᠴᠢᠯᠠᠭᠤᠷ ᠤᠨ ᠦᠵᠡᠬᠦ ᠪᠠᠷ᠂ ᠳᠤᠮᠳᠠᠳᠤ ᠤᠯᠤᠰ ᠤᠨ ᠬᠡᠷᠡᠭᠯᠡᠭᠡ ᠪᠣᠯᠤᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠵᠡᠷᠭᠡ ᠬᠦᠷᠢᠶᠡᠨ ᠳᠤ ︽ᠬᠥᠮᠦᠰ ᠢ ᠰᠣᠴᠢᠭᠠᠮ᠎ᠠ ᠴᠢᠩᠭ᠎ᠠ ᠬᠦᠴᠦᠲᠡᠢ ᠦᠵᠡᠭᠳᠡᠯ︾ ᠢᠯᠡᠷᠡᠵᠡᠢ᠃ ᠮᠣᠤ ᠭᠦ᠋ᠨ ᠰᠢ ᠳ᠋ᠠᠨ ᠯᠢ᠂ ᠭᠤᠤ ᠱᠧᠩ ᠵᠡᠷᠭᠡ ᠭᠠᠳᠠᠭᠠᠳᠤ ᠪᠡᠯᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠣᠶᠢᠷ᠎ᠠ ᠳᠤ ᠡᠨᠡ ᠵᠢᠯ ᠤᠨ ᠳᠤᠮᠳᠠᠳᠤ ᠤᠯᠤᠰ ᠤᠨ ᠠᠵᠤ ᠠᠬᠤᠶ ᠶᠢᠨ ᠨᠡᠮᠡᠭᠳᠡᠯ ᠤᠨ ᠵᠢᠱᠢᠯᠲᠡ ᠪᠠᠨ ᠳᠡᠭᠡᠭᠰᠢᠯᠡᠭᠦᠯᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠠᠬᠢ ᠢᠲᠡᠭᠡᠯ ᠲᠠᠰᠤᠷᠠᠯᠲᠠ ᠤᠢᠭᠡᠢ ᠴᠢᠩᠭᠠᠷᠠᠪᠠ᠃ ᠣᠯᠠᠨ ᠤᠯᠤᠰ ᠤᠨ ᠡᠮ ᠡᠮᠨᠡᠯᠭᠡ ᠶᠢᠨ ᠲᠤᠮᠤ ᠠᠵᠤ ᠠᠬᠤᠶᠢᠯᠠᠯ ᠠ ᠰᠤ᠋ ᠯᠢ ᠺᠠᠩ ᠢᠷᠡᠬᠦ 5 ᠵᠢᠯ ᠳᠤ 25 ᠳ᠋ᠦᠩᠰᠢᠭᠤᠷ ᠳ᠋ᠣᠯᠯᠠᠷ ᠤᠨ ᠪᠡᠯᠡ ᠣᠷᠣᠭᠤᠯᠤᠨ᠂ ᠪᠡᠭᠡᠵᠢᠩ ᠳᠤ ᠵᠢᠷᠭᠤᠳᠠᠬᠢ ᠪᠦᠬᠦ ᠪᠥᠮᠪᠥᠷᠴᠡᠭ ᠤᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠲᠥᠪ ᠪᠠᠶᠢᠭᠤᠯᠬᠤ ᠪᠠᠷ ᠨᠡᠶᠢᠲᠡᠯᠡᠵᠡᠶ︔ ᠪᠦᠬᠦ ᠪᠥᠮᠪᠥᠷᠴᠡᠭ ᠤᠨ ᠬᠢᠮᠢ ᠶᠢᠨ ᠠᠵᠤ ᠦᠢᠯᠡᠳᠪᠦᠷᠢ ᠶᠢᠨ ᠲᠣᠮᠣ ᠠᠵᠤ ᠠᠬᠤᠶᠢᠯᠠᠯ ᠪᠠ ᠰᠤ᠋ ᠹᠦ ᠶᠠᠭ ᠭᠤᠸᠠᠩᠳᠦ᠋ᠩ ᠤᠨ ᠵᠠᠨᠵᠢᠶᠠᠩ ᠳᠤ 100 ᠳ᠋ᠦᠩᠰᠢᠭᠤᠷ ᠧᠦ᠋ᠷᠤ ᠶᠢᠨ ᠪᠡᠯᠡ ᠤᠷᠤᠭᠤᠯᠤᠯᠳᠠ ᠪᠦᠬᠦᠢ ᠨᠢᠭᠡ ᠴᠣᠭᠴᠠᠵᠢᠭᠰᠠᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠵᠤ ᠪᠠᠶᠢᠨ᠎ᠠ︔ ᠱᠠᠩᠬᠠᠢ ᠶᠢᠨ ᠫᠦᠳᠦ᠋ᠩ 13 ᠤᠯᠤᠰ ᠠᠯᠤᠰᠯᠠᠭᠰᠠᠨ ᠺᠣᠮᠫᠠᠨᠢ ᠶᠢᠨ ᠭᠠᠵᠠᠷ ᠣᠷᠣᠨ ᠤ ᠶᠡᠷᠦᠩᠬᠡᠢ ᠬᠡᠯᠲᠡᠰ᠂ 4 ᠭᠠᠳᠠᠭᠠᠳᠤ ᠪᠡᠯᠡ ᠶᠢᠨ ᠰᠤᠳᠤᠯᠤᠨ ᠨᠡᠭᠡᠭᠡᠬᠦ ᠲᠥᠪ ᠢ ᠳᠠᠬᠢᠨᠲᠠ ᠤᠭᠲᠤᠪᠠ ᠁ ᠳᠤᠮᠳᠠᠳᠤ ᠤᠯᠤᠰ ᠯᠤᠭ᠎ᠠ ᠬᠠᠮᠳᠤ ᠠᠶᠠᠯᠠᠬᠤ ᠪᠤᠯ ᠠᠵᠠ ᠲᠣᠬᠢᠶᠠᠯ ᠯᠤᠭ᠎ᠠ ᠬᠠᠮᠳᠤ ᠠᠶᠠᠯᠠᠵᠤ ᠪᠠᠶᠢᠭ᠎ᠠ ᠶᠠᠪᠤᠳᠠᠯ ᠮᠦᠨ᠂ ᠳᠤᠮᠳᠠᠳᠤ ᠤᠯᠤᠰ ᠢ ᠢᠳᠡᠭᠡᠬᠦ ᠪᠤᠯ ᠳᠠᠷᠤᠢ ᠮᠠᠷᠭᠠᠰᠢ ᠶᠢ ᠢᠳᠡᠭᠡᠵᠤ ᠪᠠᠶᠢᠭ᠎ᠠ ᠶᠠᠪᠤᠳᠠᠯ ᠮᠦᠨ᠂ ᠳᠤᠮᠳᠠᠳᠤ ᠤᠯᠤᠰ ᠲᠤ ᠪᠡᠯᠡ ᠣᠷᠣᠭᠤᠯᠬᠤ ᠪᠣᠯ ᠳᠠᠷᠤᠢ ᠢᠷᠡᠭᠡᠳᠦᠢ ᠳᠤ ᠪᠡᠯᠡ ᠣᠷᠣᠭᠤᠯᠵᠤ ᠪᠠᠶᠢᠭ᠎ᠠ ᠶᠠᠪᠤᠳᠠᠯ ᠮᠦᠨ ᠭᠡᠳᠡᠭ ᠢ ᠡᠳᠡᠭᠡᠷ ᠲᠤᠭ᠎ᠠ ᠨᠤᠭᠤᠳ ᠳᠠᠬᠢᠨᠲᠠ ᠭᠡᠷᠡᠴᠢᠯᠡᠪᠡ᠃       ᠵᠠᠬ᠎ᠠ ᠳᠡᠯᠭᠡᠭᠦᠷ ᠬᠦᠭᠵᠢᠶᠡᠨ ᠲᠠᠢ᠂ ᠠᠵᠤ ᠦᠢᠯᠡᠰ ᠰᠢᠨᠠᠴᠢᠯᠡᠯ ᠲᠠᠢ᠃ ᠪᠦᠦ ᠮᠠ ᠶᠠᠭ ᠳᠤᠮᠳᠠᠳᠤ ᠤᠯᠤᠰ ᠤᠨ ᠳᠠᠭᠠᠭᠤᠯᠤᠭᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠭᠦᠯᠡᠨ ᠲᠠᠪᠴᠠᠩ ᠤᠨ ᠬᠠᠷᠢᠯᠴᠠᠨ ᠬᠤᠷᠰᠢᠯᠴᠠᠬᠤ ᠴᠢᠳᠠᠪᠤᠷᠢ ᠪᠣᠯᠤᠨ ᠪᠦᠷᠢᠯᠳᠦᠬᠦ ᠮᠠᠶ᠋ᠢᠭ ᠤᠨ ᠵᠣᠬᠢᠶᠠᠮᠠᠯ ᠣᠶᠤᠨ ᠴᠢᠳᠠᠪᠤᠷᠢ ᠶᠢᠨ ᠥᠪᠡᠷᠮᠢᠴᠡ ᠪᠠᠶᠡᠴᠢᠯᠡᠨ ᠣᠶᠢᠯᠠᠭᠠᠯᠲᠠ ᠲᠠᠢ ᠭᠦᠨᠵᠡᠭᠡᠶ ᠠᠭᠤᠰᠤᠯᠴᠠᠵᠤ ᠪᠠᠶᠢᠨ᠎ᠠ ᠁ ᠳᠤᠮᠳᠠᠳᠤ ᠤᠯᠤᠰ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠤᠨ 2025 ᠣᠨ ᠤ ᠣᠨ ᠤ ᠬᠤᠷᠠᠯ ᠳᠡᠭᠡᠷ᠎ᠡ᠂ ᠤᠯᠤᠰ ᠠᠯᠤᠰᠯᠠᠭᠰᠠᠨ ᠺᠣᠮᠫᠠᠨᠢ ᠶᠢᠨ ᠬᠠᠷᠢᠭᠤᠴᠠᠯᠭᠠᠲᠠᠳ ᠳᠤᠮᠳᠠᠳᠤ ᠤᠯᠤᠰ ᠲᠤ ᠭᠠᠷ ᠬᠤᠯᠪᠣᠯᠴᠠᠨ ᠰᠢᠨ᠎ᠡ ᠶᠢ ᠡᠭᠦᠳᠦᠭᠰᠡᠨ ᠭᠤᠶᠢᠳᠠ ᠰᠠᠶᠢᠬᠠᠨ ᠥᠯᠢᠭᠡᠷ ᠢᠶᠠᠨ ᠬᠤᠪᠢᠶᠠᠯᠴᠠᠪᠠ᠃ 2025 ᠵᠦᠩ ᠭᠤᠸᠠᠨ ᠼᠦᠨ ᠤ ᠶᠠᠷᠢᠶᠠᠨ ᠤ ᠲᠠᠪᠴᠠᠩ ᠤᠨ ᠣᠨ ᠤ ᠬᠤᠷᠠᠯ ᠳᠡᠭᠡᠷ᠎ᠡ᠂ ︽ᠮᠠᠰᠢᠨ ᠬᠥᠮᠦᠨ ᠤᠷᠠᠨ ᠪᠢᠴᠢᠯᠭᠡᠲᠡᠨ︾ ᠤᠷᠠᠨ ᠦᠵᠦᠭ ᠢᠶᠠᠨ ᠵᠢᠷᠢᠯᠵᠡᠬᠦᠯᠤᠨ᠂ 15 ᠠᠵᠤ ᠠᠬᠤᠶᠢᠯᠠᠯ ᠤᠨ ᠵᠠᠭᠤ ᠰᠢᠬᠠᠮ ᠮᠠᠰᠢᠨ ᠬᠥᠮᠦᠨ ᠵᠣᠴᠢᠨ ᠤᠭᠲᠤᠬᠤ᠂ ᠰᠣᠯᠢᠯᠴᠠᠭ᠎ᠠ ᠬᠢᠬᠦ᠂ ᠡᠷᠬᠢᠯᠡᠬᠦ᠂ ᠲᠣᠭᠯᠠᠯᠲᠠ ᠭᠠᠷᠭᠠᠬᠤ᠂ ᠦᠢᠯᠡᠴᠢᠯᠡᠬᠦ ᠵᠡᠷᠭᠡ ᠲᠠᠪᠤᠨ ᠶᠡᠭᠡ ᠲᠦᠷᠦᠯ ᠤᠨ ᠭᠤᠣᠯ ᠦᠵᠡᠭᠳᠡᠯ ᠳᠤᠮᠳᠠ ᠣᠶᠤᠨᠴᠢ ᠮᠡᠷᠭᠡᠵᠢᠯ ᠤᠨ ᠬᠤᠳᠠᠯᠳᠤᠭᠠᠴᠢᠯᠠᠬᠤ ᠳᠠᠯᠳᠠ ᠬᠦᠴᠦᠨ ᠢ ᠢᠯᠡᠷᠡᠭᠦᠯᠪᠡ ᠁ ᠳᠤᠮᠳᠠᠳᠤ ᠤᠯᠤᠰ ᠲᠤ᠂ ᠡᠯᠪᠡᠭ ᠪᠠᠶᠠᠯᠢᠭ ᠬᠡᠷᠡᠭᠯᠡᠭᠡ ᠶᠢᠨ ᠠᠬᠤᠶ ᠪᠠᠶᠢᠳᠠᠯ᠂ ᠰᠠᠶᠢᠨ ᠰᠠᠶᠢᠬᠠᠨ ᠰᠢᠨ᠎ᠡ ᠶᠢ ᠡᠭᠦᠳᠬᠦ ᠠᠮᠢ ᠠᠬᠤᠶ ᠪᠠ ᠪᠦᠷᠢᠨ ᠲᠡᠭᠦᠯᠳᠡᠷ ᠠᠵᠤ ᠦᠢᠯᠡᠰ ᠤᠨ ᠲᠠᠪᠴᠠᠩ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ ᠶᠢ ᠲᠠᠰᠤᠷᠠᠯᠲᠠ ᠥᠬᠡᠶ ᠴᠣᠯᠭᠤᠷᠠᠭᠤᠯᠵᠤ᠂ ᠪᠣᠬᠢᠷᠲᠤᠯ ᠥᠬᠡᠶᠢᠵᠢᠭᠦᠯᠬᠦ᠂ ᠲᠣᠭᠠᠴᠢᠯᠠᠯᠳᠠ᠂ ᠤᠶᠤᠨᠴᠢᠯᠠᠯᠳᠠ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠨ ᠠᠬᠢᠭᠤᠯᠵᠤ᠂ ᠭᠠᠳᠠᠭᠠᠳᠤ ᠪᠠᠯᠠ ᠶᠢᠨ ᠠᠵᠤ ᠠᠬᠤᠶᠢᠯᠠᠯ ᠤᠨ ᠳᠠᠪᠠᠭᠤᠯᠢᠭ ‍ᠦ᠋ᠯᠡᠳᠦᠯ ᠢᠶᠠᠨ ᠭᠦᠢᠴᠡᠳ ᠪᠠᠳᠠᠷᠠᠭᠤᠯᠬᠤ ᠳᠤ ᠬᠦᠴᠦᠨ ᠨᠡᠮᠡᠷᠢᠯᠡᠵᠦ᠂ ᠪᠥᠬᠦ ᠪᠥᠮᠪᠥᠷᠴᠡᠭ ᠤᠨ ᠥᠷᠢᠰᠥᠯᠳᠦᠭᠡᠨ ᠤ ᠳᠤᠮᠳᠠ ᠲᠡᠷᠢᠭᠦᠨ ᠤ ᠠᠵᠠ ᠲᠣᠬᠢᠶᠠᠯ ᠢ ᠣᠯᠤᠭᠰᠠᠨ ᠪᠠᠶᠢᠨ᠎ᠠ᠃ ︽ᠳᠤᠮᠳᠠᠳᠤ ᠤᠯᠤᠰ ᠤᠨ ᠰᠢᠨ᠎ᠡ ᠶᠢ ᠡᠭᠦᠳᠬᠦ ᠨᠢ ᠶᠠᠭ ᠳᠡᠯᠡᠬᠡᠢ ᠳ᠋ᠠᠬᠢᠨ ᠳᠤ ᠲᠠᠰᠤᠷᠠᠯᠳᠠ ᠦᠭᠡᠢ ᠭᠡᠨᠡᠳᠲᠡ ᠶᠢᠨ ᠪᠠᠶᠠᠷ ᠠᠪᠴᠢᠷᠠᠵᠤ ᠪᠠᠶᠢᠨ᠎ᠠ︾᠃ ᠰᠢ ᠮᠤᠨ ᠽᠢ ᠬᠤᠪᠢᠴᠠᠭᠠᠳᠤ ᠺᠣᠮᠫᠠᠨᠢ ᠶᠢᠨ ᠬᠡᠷᠡᠭ ᠮᠡᠳᠡᠭᠴᠢᠳ ᠤᠨ ᠬᠤᠷᠠᠯ ᠤᠨ ᠲᠡᠷᠢᠭᠦᠯᠡᠭᠴᠢ ᠪᠥᠸᠧ ᠯᠧ ᠷᠧᠨ᠂ ᠨᠡᠮᠡᠭᠳᠡᠯ ᠬᠠᠮᠢᠭ᠎ᠠ ᠠᠴᠠ ᠢᠷᠡᠬᠦ ᠪᠤᠢ ᠭᠡᠬᠦ ᠬᠦᠴᠢᠷ ᠠᠰᠠᠭᠤᠳᠠᠯ ᠳᠤ ᠳᠤᠮᠳᠠᠳᠤ ᠤᠯᠤᠰ ᠨᠢᠭᠡᠨᠲᠡ᠄ ᠳᠡᠭᠡᠳᠦ ᠮᠡᠷᠭᠡᠵᠢᠯ᠂ ᠥᠨᠳᠥᠷ ᠦᠷ᠎ᠡ ᠪᠦᠲᠦᠮᠵᠢ᠂ ᠴᠢᠨᠠᠷ ᠰᠠᠶᠢᠲᠠᠢ ᠨᠡᠮᠡᠭᠳᠡᠯ ᠢ ᠬᠥᠭᠡᠭᠡᠴᠡᠯᠳᠦᠭᠰᠡᠨ ᠭᠡᠬᠦ ᠬᠠᠷᠢᠭᠤᠯᠲᠠ ᠥᠭᠴᠠᠢ ᠭᠡᠵᠤ ᠬᠡᠯᠡᠪᠡ᠃       ︽ᠨᠡᠭᠡᠭᠡᠯᠳᠠ ᠬᠢᠬᠦ ᠡᠭᠦᠳᠡ ᠪᠠᠨ ᠶᠠᠪᠤᠬᠤ ᠲᠤᠳᠤᠮ ᠶᠡᠬᠡᠰᠭᠡᠨ᠎ᠡ︾᠂ ︽ᠭᠠᠳᠠᠭᠠᠳᠤ ᠶᠢᠨ ᠪᠡᠯᠡ ᠣᠷᠣᠭᠤᠯᠤᠭᠴᠢᠳ ᠤᠨ ᠲᠠᠬᠢᠨ ᠪᠡᠯᠡ ᠣᠷᠣᠭᠤᠯᠤᠯᠲᠠ ᠪᠠᠨ ᠥᠷᠭᠡᠳᠭᠡᠬᠦ ᠶᠢ ᠵᠣᠷᠢᠭᠵᠢᠭᠤᠯᠤᠨ᠎ᠠ︾ ᠁ ᠳᠤᠮᠳᠠᠳᠤ ᠤᠯᠤᠰ ᠤᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ ᠶᠢ ᠡᠷᠡᠰ ᠭᠤᠶᠢᠪᠢᠰᠢ ᠦᠭᠡᠢ ᠠᠬᠢᠭᠤᠯᠬᠤ ᠴᠢᠩᠭ᠎ᠠ ᠲᠤᠬᠢᠶ᠎ᠠ ᠨᠢ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠳᠤᠮᠳᠠᠳᠤ ᠤᠯᠤᠰ ᠤᠨ ︽ᠦᠨᠡᠨᠴᠢ ᠰᠡᠳᠭᠢᠯ︾ ᠢ ᠮᠡᠳᠡᠷᠡᠭᠦᠯᠪᠡ᠃ ᠳᠤᠮᠳᠠᠳᠤ ᠤᠯᠤᠰ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠴᠢᠯᠥᠭᠡᠵᠢᠯᠲᠡ ᠳᠥᠭᠦᠮᠴᠢᠯᠡᠯᠲᠡ ᠶᠢ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠢᠳᠡᠪᠬᠢᠲᠡᠢ ᠪᠤᠢ ᠪᠣᠯᠭᠠᠵᠤ᠂ ᠢᠯᠡ ᠲᠣᠳᠣ᠂ ᠲᠣᠭᠲᠠᠭᠤᠨ᠂ ᠵᠢᠱᠢᠵᠦ ᠪᠣᠯᠬᠤᠶᠢᠴᠠ ᠲᠦᠷᠦ ᠶᠢᠨ ᠪᠤᠳᠤᠯᠭ᠎ᠠ ᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠬᠠᠮᠤᠭ ᠡᠷᠲᠡ 190 ᠵᠦᠢᠯ ᠪᠠᠶᠢᠭᠰᠠᠨ ᠠᠴᠠ ᠨᠢ ᠬᠠᠰᠤᠭᠠᠳ ᠤᠳᠤ ᠶᠢᠨ ᠪᠦᠬᠦ ᠤᠯᠤᠰ ᠤᠨ ᠬᠡᠪᠯᠡᠯ ᠤᠨ 29 ᠵᠦᠢᠯ ᠪᠠ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠬᠡᠪᠯᠡᠯ ᠤᠨ 27 ᠵᠦᠢᠯ ᠪᠣᠯᠭᠠᠵᠤ᠂ ᠦᠢᠯᠡᠳᠬᠦ ᠦᠢᠯᠡᠰ ᠤᠨ ᠬᠦᠷᠢᠶᠡᠨ ᠳᠤ ︽ᠲᠡᠭ ᠪᠣᠯᠭᠠᠬᠤ︾ ᠶᠢ ᠪᠡᠶᠡᠯᠡᠭᠦᠯᠪᠡ ᠁ ᠠᠯᠢ ᠤᠯᠠᠨ ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ ᠨᠢ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠠᠬᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ ᠣᠨᠴᠠ ᠵᠠᠷᠢᠮ ᠤᠯᠤᠰ ᠤᠨ ᠬᠠᠮᠠᠭᠠᠯᠠᠬᠤ ᠦᠵᠡᠯ ᠢ ᠬᠡᠷᠡᠭᠵᠢᠭᠦᠯᠵᠦ᠂ ᠪᠦᠬᠦ ᠪᠥᠮᠪᠥᠷᠴᠡᠭ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠠᠮᠠᠭᠤᠷᠠᠭᠤᠯᠵᠤ ᠪᠠᠶᠢᠭ᠎ᠠ ᠪᠠᠶᠢᠳᠠᠯ ᠳᠣᠣᠷ᠎ᠠ᠂ ᠳᠤᠮᠳᠠᠳᠤ ᠤᠯᠤᠰ ᠤᠨ ᠲᠣᠭᠲᠠᠭᠤᠨ ᠲᠦᠷᠦ ᠶᠢᠨ ᠪᠤᠳᠤᠯᠭ᠎ᠠ ᠶᠢᠨ ᠬᠠᠩᠭᠠᠯᠭ᠎ᠠ ᠨᠢ ᠤᠯᠤᠰ ᠠᠯᠤᠰᠯᠠᠭᠰᠠᠨ ᠺᠣᠮᠫᠠᠨᠢ ᠶᠢᠨ ᠦᠢᠯᠡᠳᠪᠦᠷᠢᠯᠡᠯ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠴᠡᠭᠡ ᠱᠠᠭᠠᠷᠳᠠᠯᠭ᠎ᠠ ᠲᠠᠢ ᠵᠤᠬᠢᠴᠠᠯᠳᠤᠨ ᠬᠦᠭ ᠠᠶᠠᠰ ᠨᠡᠶᠢᠯᠡᠵᠦ᠂ ᠳᠡᠯᠡᠬᠡᠢ ᠶᠢᠨ ᠠᠵᠤ ᠠᠬᠤᠢ ᠳᠤ ᠡᠷᠬᠢᠮ ᠨᠠᠨᠳᠢᠨ ᠲᠣᠭᠲᠠᠭᠠᠯᠲᠤ ᠴᠢᠨᠠᠷ ᠢ ᠨᠡᠮᠡᠷᠢᠯᠡᠭᠰᠡᠨ ᠪᠠᠶᠢᠨ᠎ᠠ᠃ ︽ᠪᠢᠳᠡ ᠪᠠᠬᠢᠯᠡᠯᠲᠡ ᠪᠠᠶᠢᠭᠤᠯᠬᠤ ᠪᠢᠰᠢ᠂ ᠬᠠᠷᠢᠨ ᠪᠠᠬᠢᠯᠡᠯᠲᠡ ᠶᠢ ᠪᠦᠬᠦ ᠬᠦᠴᠦ ᠪᠠᠷ ᠢᠶᠠᠨ ᠠᠷᠢᠯᠭᠠᠬᠤ ᠬᠡᠷᠡᠭᠲᠡᠢ︾᠃ ᠪᠦᠦ ᠮᠠ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠴᠢ ᠫᠦ ᠼᠧ᠂ ᠪᠥᠬᠦ ᠪᠥᠮᠪᠥᠷᠴᠡᠭ ᠤᠨ ᠴᠢᠨᠠᠷᠲᠠᠶ ᠥᠷᠢᠰᠥᠯᠳᠦᠭᠡᠨ ᠢ ᠠᠷᠭᠠᠴᠠᠭᠠᠬᠤ ᠳᠤ ᠣᠯᠠᠨ ᠤᠯᠤᠰ ᠤᠨ ᠬᠠᠮᠲᠤᠷᠠᠯᠴᠠᠭ᠎ᠠ ᠪᠣᠯᠤᠨ ᠠᠵᠤ ᠦᠢᠯᠡᠰ ᠤᠨ ᠠᠭᠤᠰᠤᠯᠴᠠᠯ ᠢ ᠭᠦᠨᠵᠡᠭᠡᠶᠢᠷᠡᠭᠦᠯᠬᠦ ᠬᠡᠷᠡᠭᠲᠡᠶ᠂ ᠬᠠᠷᠢᠨ ᠲᠡᠭᠦᠨ ᠤ ᠡᠰᠡᠷᠭᠦ ᠪᠠᠷ ᠵᠠᠮᠨᠠᠵᠤ ᠪᠣᠯᠬᠤ ᠥᠬᠡᠶ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠤᠤᠯ ᠤᠨ ᠨᠠᠷᠢᠨ ᠪᠢᠴᠢᠭ ᠤᠨ ᠳᠠᠷᠤᠭ᠎ᠠ᠂ ᠪᠥᠸᠧ ᠤᠦ ᠶᠢᠨ ᠠᠽᠢᠶ᠎ᠠ ᠲᠢᠪ ᠤᠨ ᠶᠠᠷᠢᠶᠠᠨ ᠤ ᠲᠠᠪᠴᠠᠩ ᠤᠨ ᠬᠡᠷᠡᠭ ᠡᠷᠬᠢᠯᠡᠭᠴᠢᠳ ᠤᠨ ᠳᠠᠷᠤᠭ᠎ᠠ ᠫᠠᠨ ᠵᠢᠢ ᠸᠤᠨ᠂ ᠳᠤᠮᠳᠠᠳᠤ ᠤᠯᠤᠰ ᠤᠨ ᠥᠨᠳᠥᠷ ᠲᠦᠪᠰᠢᠨ ᠪᠦᠬᠦᠢ ᠨᠡᠬᠡᠬᠡᠯᠳᠡ ᠨᠢ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠠᠽᠢᠶ᠎ᠠ ᠲᠢᠪ ᠴᠢᠨᠠᠭᠰᠢᠯᠠᠪᠠᠯ ᠪᠦᠬᠦ ᠳᠡᠯᠡᠬᠡᠢ ᠳᠤ ᠰᠢᠨ᠎ᠡ ᠠᠵᠠ ᠲᠣᠬᠢᠶᠠᠯ ᠠᠪᠴᠢᠷᠠᠬᠤ ᠪᠣᠯᠤᠨ᠎ᠠ ᠭᠡᠵᠦ ᠬᠡᠯᠡᠪᠡ᠃       ︽ᠬᠠᠯᠠᠭᠤᠨ ᠰᠡᠳᠭᠢᠯᠭᠡ︾ ᠢᠲᠡᠭᠡᠯ ᠵᠣᠷᠢᠭ ᠢ ᠬᠦᠪᠴᠢᠯᠡᠵᠦ᠂ ︽ᠰᠢᠨ᠎ᠡ ᠰᠠᠨᠠᠭ᠎ᠠ︾ ᠬᠥᠳᠡᠯᠭᠡᠬᠦ ᠬᠦᠴᠦᠨ ᠢ ᠬᠥᠭᠵᠢᠭᠡᠵᠦ᠂ ︽ᠦᠨᠡᠨᠴᠢ ᠰᠡᠳᠭᠢᠯ︾ ᠬᠤᠯᠪᠣᠭᠠᠰᠤ ᠶᠢ ᠴᠢᠩᠭᠠᠯᠠᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤᠮᠳᠠᠳᠤ ᠤᠯᠤᠰ ᠲᠤ ᠪᠡᠯᠡ ᠣᠷᠣᠭᠤᠯᠵᠤ᠂ ᠳᠤᠮᠳᠠᠳᠤ ᠤᠯᠤᠰ ᠢ ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠣᠷᠣᠯᠴᠠᠭᠴᠢ ᠮᠥᠨ᠂ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠪᠣᠯᠤᠨ ᠰᠢᠨ᠎ᠡ ᠶᠢ ᠡᠭᠦᠳᠬᠦ ᠡᠭᠦᠳᠦᠨ ᠪᠦᠲᠦᠭᠡᠯᠲᠡ ᠶᠢᠨ ᠴᠢᠬᠤᠯᠠ ᠣᠷᠣᠯᠴᠠᠭᠴᠢ ᠮᠥᠨ᠂ ᠳᠤᠮᠳᠠᠳᠤ ᠤᠯᠤᠰ ᠤᠨ ᠳᠡᠯᠡᠬᠡᠢ ᠳ᠋ᠠᠬᠢᠨ ᠲᠠᠢ ᠬᠤᠯᠪᠤᠯᠳᠤᠨ ᠨᠡᠪᠳᠡᠷᠡᠯᠴᠡᠵᠦ᠂ ᠠᠵᠤ ᠠᠬᠤᠢ ᠶᠢᠨ ᠳᠡᠯᠡᠬᠡᠶᠢᠵᠢᠯᠲᠡ ᠳᠤ ᠠᠭᠤᠰᠤᠯᠴᠠᠬᠤ ᠴᠢᠬᠤᠯᠠ ᠣᠷᠣᠯᠴᠠᠭᠴᠢ ᠮᠥᠨ᠃ ᠡᠨᠡ ᠬᠦ ᠶᠠᠪᠤᠴᠠ ᠳᠤ ᠭᠠᠳᠠᠭᠠᠳᠤ ᠪᠡᠯᠡ ᠶᠢᠨ ᠠᠵᠤ ᠠᠬᠤᠶᠢᠯᠠᠯ ᠨᠡᠶᠢᠳᠡᠮ ᠳᠡᠭᠡᠨ ᠡᠯᠪᠡᠭ ᠳᠡᠯᠪᠡᠭ ᠠᠴᠢ ᠬᠠᠷᠢᠭᠤ ᠣᠯᠵᠤ᠂ ᠲᠠᠰᠤᠷᠠᠯᠳᠠ ᠦᠭᠡᠢ ᠬᠥᠭᠵᠢᠨ ᠪᠤᠵᠠᠭᠠᠶᠢᠷᠠᠵᠤ᠂ ᠳᠤᠮᠳᠠᠳᠤ ᠤᠯᠤᠰ ᠤᠨ ᠠᠷᠠᠳ ᠲᠦᠮᠡᠨ ᠲᠠᠢ ᠭᠦᠨ ᠵᠤᠵᠠᠭᠠᠨ ᠨᠥᠬᠦᠷᠯᠡᠯ ᠪᠠᠶᠢᠭᠤᠯᠪᠠ᠃ ᠢᠷᠡᠭᠡᠳᠦᠢ ᠪᠠᠨ ᠪᠠᠷᠠᠯᠠᠬᠤᠶ᠎ᠠ᠂ ᠡᠨᠡ ᠤᠳᠠᠭᠠᠨ ᠤ ︽ᠬᠠᠪᠤᠷ ᠤᠨ ᠪᠣᠯᠵᠤᠭ᠎ᠠ︾ ᠠᠴᠠ ᠳᠠᠬᠢᠨᠲᠠ ᠮᠣᠷᠳᠠᠵᠤ᠂ ᠳᠤᠮᠳᠠᠳᠤ ᠤᠯᠤᠰ ᠥᠷᠭᠡᠨ ᠤᠯᠠᠨ ᠭᠠᠳᠠᠭᠠᠳᠤ ᠪᠡᠯᠡ ᠶᠢᠨ ᠠᠵᠤ ᠠᠬᠤᠶᠢᠯᠠᠯ ᠲᠠᠢ ᠬᠠᠮᠲᠤ ᠪᠠᠷ ᠡᠨᠡ ᠬᠦ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠡᠬᠡ ᠭᠠᠵᠠᠷ ᠳᠡᠭᠡᠷ᠎ᠡ ᠬᠠᠮᠲᠤᠷᠠᠯᠴᠠᠭ᠎ᠠ ᠪᠠᠨ ᠥᠷᠭᠡᠳᠭᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠨ᠎ᠡ᠃       ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 4 ᠤ ᠴᠠᠬᠢᠯᠭᠠᠨ ᠮᠡᠳᠡᠭᠡ︶
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ