ᠦᠪᠤᠷ ᠮᠤᠩᠭᠤᠯ ᠭᠤᠶᠤ ᠡ︕ ᠭᠡᠵᠤ ᠵᠤᠭᠠᠯᠠᠵᠤ ᠲᠤᠭᠤᠷᠢᠬᠤ ᠪᠠᠷ ᠢᠷᠡᠭᠰᠡᠳ ᠲᠠᠩᠨᠠᠢ ᠱᠠᠬᠰᠢᠨ ᠮᠠᠬᠳᠠᠳᠠᠭ᠃ ᠲᠡᠭᠡᠪᠠᠯ ᠭᠤᠶᠤ ᠨᠢ ᠬᠠᠮᠢᠭ᠎ᠠ ᠪᠠᠨ | ᠪᠠᠶᠢᠳᠠᠭ ᠪᠤᠢ︖ ᠪᠠᠷᠤᠭ ᠮᠤᠳᠤ ᠲᠠᠢ ᠳᠠᠭᠠᠨ ᠪᠠᠶᠢᠬᠤᠪ ᠭᠡᠵᠤ ᠪᠢ ᠪᠤᠳᠤᠳᠠᠭ᠃ | ᠮᠤᠳᠤ ᠭᠡᠵᠤ ᠤᠡᠭᠭᠤᠨ ᠪᠠᠶᠢᠭᠠᠯᠢ ᠶᠢ ᠭᠤᠶᠤᠯᠠᠵᠤ᠂ ᠤᠷᠴᠢᠯᠠᠩ ᠤᠨ ᠬᠦᠮᠤᠨ ᠠᠮᠢᠳᠠᠨ ᠳᠤ ᠠᠴᠢ ᠲᠤᠰᠠ ᠬᠦᠷᠭᠡᠳᠡᠭ ᠵᠠᠩ ᠠᠷᠠᠨᠰᠢᠨ ᠲᠠᠢ | ᠪᠠᠶᠢᠳᠠᠭ ᠢᠶᠠᠷ ᠢᠶᠠᠨ ᠤᠰᠤ ᠶᠢ ᠬᠠᠳᠠᠭᠠᠯᠠᠬᠤ᠂ ᠠᠭᠠᠷ ᠮᠠᠨᠳᠠᠯ ᠢ ᠴᠡᠪᠡᠷᠰᠢᠬᠦᠯᠬᠦ᠂ ᠠᠭᠤᠷ ᠠᠮᠢᠰᠬᠤᠯ ᠢ ᠵᠤᠬᠢᠴᠠᠭᠤᠯᠬᠤ ᠵᠡᠷᠭᠡ ᠤᠯᠠᠨ ᠲᠠᠯ᠎ᠠ ᠶᠢᠨ ᠦᠢᠯᠡᠳᠤᠯ ᠲᠠᠢ | ᠮᠦᠷᠳᠡᠭᠡᠨ ᠠᠮᠢ ᠠᠬᠤᠢ ᠶᠢᠨ ᠰᠠᠶᠢᠵᠢᠷᠠᠯᠳᠠ ᠵᠢᠴᠢ ᠠᠵᠤ ᠠᠬᠤᠢ ᠨᠡᠶᠢᠭᠡᠮ ᠤᠨ ᠬᠦᠭᠵᠢᠯᠳᠠ ᠶᠢ ᠠᠬᠢᠭᠤᠯᠬᠤ ᠳᠤ ᠴᠢᠬᠤᠯᠠ ᠦᠢᠯᠡᠳᠤᠯ ᠦᠵᠡᠬᠦᠯᠵᠤ ᠪᠠᠶᠢᠳᠠᠭ᠃ | ᠲᠡᠭᠡᠬᠦᠯᠠᠷ ᠵᠢᠯ ᠪᠦᠷᠢ ᠶᠢᠨ ᠤᠷᠢᠬᠠᠨ ᠬᠠᠪᠤᠷ ᠰᠠᠭᠠᠳᠠᠬᠤ ᠪᠠᠷ ᠦᠪᠤᠷ ᠮᠤᠩᠭᠤᠯ ᠤᠨ ᠡᠯ᠎ᠠ ᠭᠠᠵᠠᠷ ᠲᠤ ᠮᠤᠳᠤ ᠲᠠᠷᠢᠵᠤ ᠨᠤᠭᠤᠭᠠᠷᠠᠭᠤᠯᠬᠤ ᠠᠵᠢᠯ ᠢᠳᠡ | ᠬᠦᠭ ᠲᠠᠢ ᠦᠷᠨᠢᠳᠡᠭ᠃ ᠪᠦᠷᠢᠳᠭᠡᠯ ᠢ ᠦᠨᠳᠤᠰᠤᠯᠠᠪᠠᠯ᠂ 2024 ᠤᠨ ᠤ 12 ᠰᠠᠷ᠎ᠠ ᠶᠢᠨ ᠰᠡᠬᠦᠯᠴᠢ ᠪᠤᠯᠳᠠᠯ᠎ᠠ᠂ ᠦᠪᠤᠷ ᠮᠤᠩᠭᠤᠯ ᠤᠨ ᠤᠢ ᠰᠢᠭᠤᠢ ᠶᠢᠨ | ᠲᠠᠯᠠᠪᠠᠢ 3.57 ᠳ᠋ᠦᠡᠭᠰᠢᠭᠤᠷ ᠮᠦ ᠳᠤ ᠬᠦᠷᠴᠤ᠂ ᠪᠦᠬᠦ ᠤᠯᠤᠰ ᠲᠤ ᠲᠦᠷᠦᠬᠦᠯᠦᠭᠰᠡᠨ ᠪᠠᠶᠢᠨ᠎ᠠ᠃ | ᠦᠪᠤᠷ ᠮᠤᠩᠭᠤᠯ ᠡᠭᠡ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠬᠤᠷ ᠦᠪᠤᠷ ᠮᠤᠩᠭᠤᠯ ᠤᠨ ᠠᠮᠢ | ᠠᠬᠤᠢ ᠶᠠᠮᠠᠷᠰᠢᠤ ᠪᠠᠶᠢᠬᠤ ᠨᠢ ᠪᠦᠬᠦ ᠤᠷᠤᠨ ᠤ ᠦᠨᠳᠤᠰᠤᠳᠠᠨ ᠨᠦᠭᠦᠳ ᠤᠨ ᠤᠯᠠᠨ ᠲᠦᠮᠡᠨ ᠤ ᠤᠷᠤᠰᠢᠯ ᠲᠤᠭᠳᠠᠨᠢᠯ ᠪᠠ ᠬᠦᠭᠵᠢᠯᠳᠠ ᠲᠠᠢ ᠬᠤᠯᠪᠤᠭᠳᠠᠬᠤ ᠪᠠᠷ | ᠪᠠᠷᠠᠬᠤ ᠦᠭᠡᠢ ᠤᠮᠠᠷᠠᠳᠤ ᠤᠷᠤᠨ᠂ ᠵᠡᠬᠦᠨ ᠬᠤᠶᠢᠳᠤ ᠤᠷᠤᠨ᠂ ᠪᠠᠷᠠᠭᠤᠨ ᠬᠤᠶᠢᠳᠤ ᠤᠷᠤᠨ ᠲᠠᠷᠠᠴᠢᠯᠠᠨ ᠪᠦᠬᠦ ᠤᠯᠤᠰ ᠤᠨ ᠠᠮᠢ ᠠᠬᠤᠢ ᠶᠢᠨ ᠠᠮᠤᠷ | ᠲᠦᠪᠰᠢᠨ ᠲᠠᠢ ᠬᠤᠯᠪᠤᠭᠳᠠᠵᠤ ᠪᠠᠶᠢᠳᠠᠭ ᠲᠤᠯᠠ ᠦᠶ᠎ᠠ ᠶᠢᠨ ᠦᠶ᠎ᠠ ᠶᠢᠨ ᠬᠦᠮᠤᠰ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠠᠵᠤ᠂ ᠮᠤᠳᠤ ᠲᠠᠷᠢᠵᠤ | ᠨᠤᠭᠤᠭᠠᠷᠠᠭᠤᠯᠤᠨ᠂ ᠠᠮᠢ ᠠᠬᠤᠢ ᠤᠷᠴᠢᠨ ᠲᠤᠭᠤᠷᠢᠨ ᠢᠶᠠᠨ ᠡᠷᠡᠰ ᠬᠠᠮᠠᠭᠠᠯᠠᠵᠤ ᠢᠷᠠᠪᠠ᠃ ᠨᠡᠩ ᠢᠯᠠᠩᠭᠤᠶ᠎ᠠ ᠤᠶᠢᠷ᠎ᠠ ᠶᠢᠨ ᠵᠢᠯ ᠠᠴᠠ ᠨᠠᠭᠠᠰᠢ᠂ ᠦᠪᠤᠷ | ᠮᠤᠩᠭᠤᠯ ᠠᠮᠢ ᠠᠬᠤᠢ ᠶᠢᠨ ᠪᠤᠯᠪᠠᠰᠤᠨ ᠤ ᠪᠦᠳᠤᠭᠡᠨ ᠪᠠᠶᠢᠭᠤᠯᠤᠯᠳᠠ ᠶᠢ ᠴᠢᠩᠭ᠎ᠠ ᠠᠳᠬᠤᠨ᠂ ᠤᠶᠢᠵᠢᠭᠤᠯᠤᠯᠳᠠ ᠨᠤᠭᠤᠭᠠᠷᠠᠭᠤᠯᠤᠯᠳᠠ ᠶᠢᠨ ᠡᠷᠴᠢᠮ ᠢᠶᠠᠨ | ᠲᠠᠰᠤᠷᠠᠯᠳᠠ ᠦᠭᠡᠢ ᠴᠢᠩᠭᠠᠷᠠᠭᠤᠯᠵᠤ᠂ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠶᠢ ᠢᠳᠡᠪᠬᠢᠳᠠᠢ ᠦᠷᠨᠢᠬᠦᠯᠵᠠᠢ᠃ ᠵᠦᠪᠭᠡᠨ 2024 ᠤᠨ ᠳᠤ ᠪᠦᠬᠦ | ᠤᠷᠤᠨ ᠤ 833.2 ᠲᠦᠮᠡᠨ ᠬᠦᠮᠤᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠳᠤ ᠤᠷᠤᠯᠴᠠᠵᠤ᠂ ᠡᠯ᠎ᠠ ᠵᠦᠢᠯ ᠤᠨ ᠠᠷᠭ᠎ᠠ ᠭᠡᠯᠪᠠᠷᠢ ᠪᠠᠷ ᠲᠠᠮᠵᠢᠨ | ᠨᠠᠶᠢᠳᠠ 4319.29 ᠲᠦᠮᠡᠨ ᠰᠠᠭᠤᠷᠢ ᠮᠤᠳᠤ ᠲᠠᠷᠢᠵᠤ᠂ ᠡᠭᠡ ᠤᠯᠤᠰ ᠤᠨ ᠤᠮᠠᠷᠠᠳᠤ ᠶᠢᠨ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠴᠠᠭᠠᠨ ᠭᠡᠷᠡᠮ ᠢ | ᠪᠠᠳᠤ ᠴᠤᠭᠴᠠᠯᠠᠬᠤ ᠳᠤ ᠠᠬᠢᠭᠤᠯᠬᠤ ᠦᠢᠯᠡᠳᠤᠯ ᠦᠵᠡᠬᠦᠯᠪᠠ᠃ ᠡᠨᠡ ᠪᠤᠯ ᠦᠪᠤᠷ ᠮᠤᠩᠭᠤᠯ ᠤᠨ ᠦᠨᠳᠤᠰᠤᠳᠠᠨ ᠨᠦᠭᠦᠳ ᠤᠨ ᠺᠠᠳ᠋ᠷ ᠤᠯᠠᠨ ᠲᠦᠮᠡᠨ ᠤ ᠡᠷᠴᠢ | ᠬᠦᠴᠤᠨ᠂ ᠠᠭᠤᠯᠠ ᠲᠠᠯ᠎ᠠ ᠪᠠᠨ ᠨᠤᠭᠤᠭᠠᠷᠠᠭᠤᠯᠵᠤ᠂ ᠠᠮᠢ ᠠᠬᠤᠢ ᠪᠠᠨ ᠬᠠᠮᠠᠭᠠᠯᠠᠬᠤ ᠭᠡᠰᠡᠨ ᠡᠷᠡᠰ ᠬᠠᠳᠠᠭᠤ ᠵᠤᠷᠢᠭ ᠰᠠᠨᠠᠭ᠎ᠠ ᠪᠤᠯᠬᠤ ᠨᠢ ᠢᠯᠡᠭᠡᠨ᠃ | ᠮᠤᠳᠤ ᠲᠠᠷᠢᠵᠤ ᠨᠤᠭᠤᠭᠠᠷᠠᠭᠤᠯᠬᠤ ᠨᠢ ᠨᠢᠭᠡ ᠬᠤᠭᠤᠴᠠᠭᠠᠨ ᠤ ᠠᠵᠢᠯ ᠪᠠᠶᠢᠬᠤ ᠳᠤ ᠬᠠᠮᠠᠭᠠᠯᠠᠵᠤ ᠰᠠᠬᠢᠬᠤ ᠨᠢ ᠦᠨᠢᠳᠠ ᠶᠢᠨ ᠠᠵᠢᠯ ᠪᠤᠯᠬᠤ ᠶᠤᠮ᠃ ᠮᠤᠳᠤ | ᠲᠠᠷᠢᠬᠤ ᠳᠠᠭᠠᠨ ᠵᠦᠪᠭᠡᠨ ᠲᠤᠭ᠎ᠠ ᠭᠡᠮᠵᠢᠶ᠎ᠠ ᠶᠢ ᠬᠦᠭᠡᠭᠡᠴᠡᠯᠳᠤᠵᠤ ᠪᠤᠯᠬᠤ ᠦᠭᠡᠢ ᠬᠠᠷᠢᠨ ᠲᠤᠭ᠎ᠠ ᠭᠡᠮᠵᠢᠶ᠎ᠠ ᠪᠤᠯᠤᠨ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠵᠤ᠂ | ᠲᠠᠷᠢᠬᠰᠠᠨ ᠮᠤᠳᠤ ᠪᠠᠨ ᠬᠠᠮᠢᠶᠠᠷᠴᠤ ᠬᠠᠮᠠᠭᠠᠯᠠᠬᠤ ᠠᠵᠢᠯ ᠢ ᠴᠢᠩᠭ᠎ᠠ ᠠᠤᠬᠠᠤᠪᠠᠯ ᠵᠤᠬᠢᠨ᠎ᠠ᠃ ᠨᠤᠭᠤᠭᠠᠷᠠᠭᠤᠯᠤᠯᠳᠠ ᠶᠢ ᠬᠠᠮᠠᠭᠠᠯᠠᠬᠤ ᠠᠷᠭ᠎ᠠ ᠭᠡᠮᠵᠢᠶ᠎ᠠ ᠶᠢ | ᠲᠤᠭᠳᠠᠭᠠᠨ ᠭᠡᠷᠡᠭᠵᠢᠬᠦᠯᠵᠤ᠂ ᠲᠠᠷᠠᠴᠢᠯᠠᠨ ᠪᠦᠬᠦ ᠠᠷᠠᠳ ᠢᠶᠠᠷ ᠢᠶᠠᠨ ᠮᠤᠳᠤ ᠲᠠᠷᠢᠵᠤ ᠨᠤᠭᠤᠭᠠᠷᠠᠭᠤᠯᠬᠤ ᠠᠵᠢᠯ ᠳᠤ ᠢᠳᠡᠪᠬᠢᠳᠠᠢ ᠤᠷᠤᠯᠴᠠᠨ᠂ ᠪᠠᠶᠢᠭᠠᠯᠢ | ᠠᠬᠤᠢ ᠪᠠᠨ ᠬᠠᠶᠢᠷᠠᠯᠠᠨ ᠬᠠᠮᠠᠭᠠᠯᠠᠵᠤ᠂ ᠨᠤᠮᠢᠨ ᠤᠰᠤ ᠬᠦᠭᠡᠮᠳᠦᠭ ᠠᠭᠤᠯᠠ ᠪᠤᠯ ᠠᠯᠳᠠᠨ ᠮᠦᠡᠭᠬᠦᠨ ᠠᠭᠤᠯᠠ ᠬᠠᠶᠢᠷᠬᠠᠨ ᠮᠦᠨ ᠭᠡᠬᠦ ᠤᠶᠢᠯᠠᠭᠠᠬᠳᠠᠬᠤᠨ ᠢ ᠬᠦᠨ | ᠤᠬᠠᠵᠤ᠂ ᠴᠢᠩᠭ᠎ᠠ ᠦᠢᠯᠡᠳᠤᠯᠭᠡᠵᠢᠬᠦᠯᠳᠡᠭ ᠯᠡ ᠶᠤᠮ ᠪᠤᠯ ᠲᠠ ᠪᠢᠳᠠᠨ ᠤ ᠬᠠᠮᠳᠤ ᠶᠢᠨ ᠭᠡᠷ ᠤᠷᠤᠨ ᠨᠠᠩ ᠦᠵᠡᠰᠬᠦᠯᠠᠩᠳᠤ ᠰᠠᠶᠢᠬᠠᠨ ᠪᠤᠯᠬᠤ ᠨᠢ ᠲᠠᠮᠵᠢᠭ ᠦᠭᠡᠢ | ᠶᠤᠮ᠃ |