ᠣᠶᠢᠷ᠎ᠠ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠠᠮ ᠤᠨ ᠬᠤᠷᠢᠶ᠎ᠠ ᠶᠢᠨ ︵ᠥᠷᠭᠡᠳᠭᠡᠭᠰᠡᠨ︶ ᠬᠤᠷᠠᠯ ᠬᠤᠷᠠᠯᠳᠤᠭᠤᠯᠵᠤ᠂ | ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠠᠵᠢᠯ ᠵᠢᠴᠢ ᠨᠠᠮ ᠤᠨ ᠬᠤᠷᠢᠶ᠎ᠠ ᠶᠢᠨ ᠨᠣᠮ ᠤᠩᠰᠢᠬᠤ | ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠢ ᠡᠬᠢᠯᠡᠭᠦᠯᠵᠦ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠥᠷᠭᠡᠨ ᠬᠤᠷᠠᠯ ᠡᠷᠬᠢᠯᠡᠨ ᠶᠠᠷᠢᠶ᠎ᠠ ᠲᠠᠯᠪᠢᠵᠤ᠂ ᠲᠣᠪᠴᠢᠶᠠᠨ ᠤ ᠤᠳᠤᠷᠢᠳᠬᠤ ᠪᠠᠭ ᠤᠨ | ᠪᠦᠷᠢᠯᠳᠦᠬᠦᠨ᠂ ᠡᠯ᠎ᠡ ᠨᠠᠮ ᠤᠨ ᠡᠭᠦᠷ ᠤᠨ ᠱᠦᠵᠢ᠂ ᠳᠡᠳ᠋ ᠱᠦᠵᠢ᠂ ᠡᠯ᠎ᠡ ᠰᠠᠯᠠᠭ᠎ᠠ ᠮᠥᠴᠢᠷ ᠤᠨ ᠭᠤᠣᠯ ᠳᠠᠷᠤᠭ᠎ᠠ ᠵᠢᠴᠢ ᠪᠠᠶᠢᠭᠤᠯᠭ᠎ᠠ ᠶᠢᠨ ᠨᠠᠮ ᠤᠨ ᠬᠤᠷᠢᠶ᠎ᠠ᠂ | ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠤᠬᠠᠭᠤᠯᠬᠤ ᠲᠠᠰᠤᠭ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃ | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠰᠤᠷᠤᠯᠴᠠᠨ ᠣᠶᠢᠯᠠᠭᠠᠪᠠ︔ ᠳᠡᠭᠡᠳᠦ ᠱᠠᠲᠤᠨ ᠤ ᠪᠠᠶᠢᠭᠤᠯᠭ᠎ᠠ ᠶᠢᠨ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ | ᠬᠥᠮᠦᠵᠢᠯ ᠤᠨ ᠮᠡᠳᠡᠭᠳᠡᠯ᠂ ᠲᠥᠰᠦᠯ ᠤᠨ ᠱᠠᠭᠠᠷᠳᠠᠯᠭ᠎ᠠ ᠵᠢᠴᠢ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠲᠣᠪᠴᠢᠶ᠎ᠠ ᠶᠢᠨ | ᠪᠠᠶᠢᠭᠤᠯᠭ᠎ᠠ ᠶᠢᠨ ᠲᠥᠰᠦᠯ ᠪᠠ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠰᠤᠳᠤᠯᠤᠨ ᠬᠢᠨᠠᠨ ᠲᠣᠭᠲᠠᠭᠠᠪᠠ᠃ | ᠬᠤᠷᠠᠯ ᠠᠴᠠ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠪᠣᠯ ᠡᠨᠡ ᠵᠢᠯ ᠤᠨ | ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠭᠤᠤᠯ ᠰᠡᠳᠦᠪᠲᠦ ᠬᠥᠮᠦᠵᠢᠯ ᠪᠠ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶ ᠠᠬᠢᠭᠤᠯᠬᠤ | ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠨᠠᠮ ᠤᠨ ᠡᠭᠦᠷ᠂ ᠡᠯ᠎ᠡ ᠰᠠᠯᠠᠭ᠎ᠠ ᠮᠥᠴᠢᠷ ᠦᠢᠯᠡ ᠠᠵᠢᠯᠯᠠᠭ᠎ᠠ ᠪᠠ ᠦᠵᠡᠯ ᠰᠠᠨᠠᠭ᠎ᠠ ᠪᠠᠨ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨᠬᠦ ᠨᠢᠭᠡᠳᠬᠡᠵᠦ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠳᠡᠭᠡᠳᠦ ᠱᠠᠲᠤᠨ ᠤ | ᠪᠠᠶᠢᠭᠤᠯᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷᠡᠬᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠰᠤᠷᠲᠠᠯ ᠤᠨ | ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠨᠠᠮ ᠢ ᠪᠥᠬᠦ ᠲᠠᠯ᠎ᠠ ᠪᠠᠷ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠱᠠᠲᠤᠨ ᠤ ᠪᠠᠶᠢᠭᠤᠯᠭ᠎ᠠ ᠪᠠ ᠬᠤᠰᠢᠭᠤᠨ ᠤ ᠨᠠᠮ ᠤᠨ | ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠢ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠬᠡᠮᠵᠢᠶᠡᠨ ᠤ | ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ | ᠨᠠᠷᠢᠨ ᠨᠢᠮᠪᠠᠶ ᠵᠣᠬᠢᠶᠠᠨ ᠪᠠᠶᠢᠭᠤᠯᠤᠨ ᠲᠥᠯᠥᠪᠵᠢᠭᠦᠯᠵᠦ᠂ ᠥᠷᠭᠡᠨ ᠳᠡᠯᠭᠡᠷᠡᠩᠭᠦᠢ ᠳᠠᠶᠢᠴᠢᠯᠠᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠴᠢᠩᠭ᠎ᠠ | ᠪᠣᠳᠠᠲᠠᠶᠢᠵᠢᠭᠤᠯᠵᠤ᠂ ᠠᠵᠢᠯ ᠤᠨ ᠡᠮᠬᠢ ᠵᠢᠷᠤᠮ ᠲᠠᠢ ᠨᠠᠶᠢᠳᠠᠪᠤᠷᠢᠵᠢᠭᠤᠯᠤᠭᠳᠠᠬᠤ ᠶᠢ ᠪᠠᠲᠤᠯᠠᠬᠤ ᠬᠡᠷᠡᠭᠲᠡᠶ᠃ ᠬᠤᠶᠠᠷ ᠲᠤ ︽ᠶᠡᠭᠡ ᠰᠤᠷᠤᠯᠴᠠᠯᠭ᠎ᠠ᠂ ᠶᠡᠭᠡ | ᠪᠣᠯᠪᠠᠰᠤᠷᠠᠯ᠂ ᠶᠡᠭᠡ ᠶᠠᠰᠤ ᠴᠢᠨᠠᠷ ᠢ ᠳᠡᠭᠡᠭᠰᠢᠯᠡᠭᠦᠯᠬᠦ︾ ᠠᠵᠢᠯᠯᠠᠭ᠎ᠠ ᠳᠤ ᠲᠦᠰᠢᠭᠯᠡᠨ᠂ ᠰᠤᠷᠤᠯᠴᠠᠵᠤ ᠰᠤᠳᠤᠯᠤᠨ ᠶᠠᠷᠢᠯᠴᠠᠬᠤ᠂ ᠲᠥᠪᠯᠡᠷᠡᠭᠦᠯᠦᠨ ᠰᠤᠷᠤᠯᠴᠠᠬᠤ᠂ | ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ᠂ ᠬᠤᠪᠢ ᠬᠥᠮᠦᠨ ᠥᠪᠡᠰᠦᠪᠡᠨ ᠰᠤᠷᠤᠯᠴᠠᠬᠤ ᠵᠡᠷᠭᠡ ᠠᠷᠭ᠎ᠠ ᠮᠠᠶ᠋ᠢᠭ ᠢ ᠠᠪᠴᠤ᠂ ᠲᠥᠪ ᠤᠨ ᠨᠠᠢᠮᠠᠨ ᠵᠣᠷᠪᠣᠰ | ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠤᠷᠤᠯᠴᠠᠬᠤ ᠨᠢ ᠶᠠᠰᠤ | ᠴᠢᠨᠠᠷ ᠲᠠᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠭᠤᠷᠪᠠ ᠳᠤ ︽ᠲᠣᠭᠲᠠᠭᠰᠠᠨ ᠠᠵᠢᠯᠯᠠᠭ᠎ᠠ︾ ᠶᠢ ᠳᠣᠲᠣᠭᠠᠳᠤ ᠶᠢ ᠬᠠᠮᠠᠭᠠᠯᠠᠬᠤ ᠭᠤᠣᠯ ᠬᠠᠷᠢᠭᠤᠴᠠᠯᠭ᠎ᠠ | ᠭᠤᠣᠯ ᠠᠵᠢᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ᠃ | ᠲᠦᠷᠪᠡ ᠳᠤ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠠᠰᠠᠭᠤᠳᠠᠯ ᠢ ᠪᠦᠬᠦ ᠲᠠᠯ᠎ᠠ ᠪᠠᠷ ᠭᠦᠨᠵᠡᠭᠡᠢ ᠪᠠᠶᠢᠴᠠᠭᠠᠨ | ᠳᠡᠯᠭᠡᠵᠦ᠂ ᠡᠯ᠎ᠡ ᠺᠠᠳ᠋ᠷ ᠴᠠᠭᠳᠠᠭ᠎ᠠ ᠶᠢᠨ ᠲᠦᠷᠦᠯ ᠵᠦᠢᠯ ᠢ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠪᠠᠭᠤᠷᠠᠢ ᠭᠤᠭᠴᠤᠭ᠎ᠠ ᠪᠠ ᠲᠤᠪᠤᠶᠢᠮ᠎ᠠ ᠠᠰᠠᠭᠤᠳᠠᠯ ᠢ ᠣᠨᠣᠪᠴᠢᠲᠠᠢ ᠡᠷᠢᠨ ᠣᠯᠵᠤ᠂ ᠪᠠᠶᠢᠴᠠᠭᠠᠬᠤ | ᠡᠷᠴᠢᠮ ᠲᠠᠢ᠂ ᠵᠠᠰᠠᠬᠤ ᠦᠷ᠎ᠡ ᠪᠦᠲᠦᠮᠵᠢ ᠲᠠᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | |