ᠣᠶᠢᠷ᠎ᠠ ᠶᠢᠨ ᠵᠢᠯ ᠳᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠵᠠᠷᠤᠯᠭ᠎ᠠ ᠶᠢᠨ ᠪᠦᠲᠦᠴᠡ ᠶᠢ ᠪᠦᠬᠦ | ᠲᠠᠯ᠎ᠠ ᠪᠠᠷ ᠰᠢᠯᠢᠳᠡᠭᠵᠢᠭᠦᠯᠦᠨ᠂ ᠳᠡᠮᠵᠢᠬᠦ ᠭᠤᠣᠯᠳᠠᠯᠭ᠎ᠠ ᠶᠢ ᠲᠥᠪᠯᠡᠷᠡᠭᠦᠯᠦᠨ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠨᠠᠷᠢᠨ ᠨᠢᠮᠪᠠᠢ ᠠᠩᠬᠠᠷᠴᠤ᠂ | ᠦᠨᠳᠦᠰᠦᠲᠡᠨ ᠤ ᠠᠵᠢᠯ ᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃ | ᠨᠢᠭᠡ ᠳᠤ ᠵᠢᠯ ᠤᠨ ᠡᠬᠢᠨ ᠤ ᠲᠥᠰᠦᠪ ᠢ ᠭᠦᠢᠴᠡᠳ ᠲᠤᠭ᠎ᠠ ᠪᠠᠷ ᠲᠣᠬᠢᠷᠠᠭᠤᠯᠪᠠ᠃ 2025 ᠣᠨ ᠳᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ | ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠷᠤᠯᠭ᠎ᠠ ᠶᠢᠨ ᠳᠠᠷᠤᠭᠠᠰᠤ ᠮᠠᠰᠢ ᠬᠦᠨᠳᠦ ᠪᠠᠶᠢᠳᠠᠯ ᠳᠣᠤᠷ᠎ᠠ᠂ | ᠦᠨᠳᠦᠰᠦᠲᠡᠨ ᠤ ᠠᠵᠢᠯ ᠤᠨ ᠲᠤᠬᠠᠶᠢᠯᠠᠭᠰᠠᠨ ᠠᠵᠢᠯ ᠤᠨ ᠵᠠᠷᠤᠳᠠᠯ᠂ ᠱᠠᠰᠢᠨ ᠰᠤᠷᠲᠠᠬᠤᠨ ᠤ ᠬᠥᠮᠦᠰ ᠤᠨ ᠠᠮᠢᠳᠤᠷᠠᠯ ᠤᠨ ᠨᠥᠬᠦᠪᠥᠷᠢ᠂ ᠨᠢᠭᠡᠳᠦᠮᠡᠯ ᠹᠷᠣᠨᠲ ᠤᠨ | ᠡᠯ᠎ᠡ ᠡᠲᠡᠭᠡᠳ ᠤᠨ ᠬᠥᠮᠦᠰ ᠤᠨ ᠭᠠᠳᠠᠭᠰᠢ ᠭᠠᠷᠬᠤ ᠪᠣᠯᠪᠠᠰᠤᠷᠠᠯ ᠤᠨ ᠵᠠᠷᠤᠳᠠᠯ᠂ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠵᠠᠷᠤᠳᠠᠯ᠂ ᠠᠷᠠᠳ ᠤᠨ | ᠵᠠᠩ ᠦᠢᠯᠡ ᠶᠢᠨ ᠤᠯᠠᠮᠵᠢᠯᠠᠯᠲᠤ ᠰᠣᠶᠣᠯ ᠤᠨ ᠵᠠᠷᠤᠳᠠᠯ ᠵᠡᠷᠭᠡ 108 ᠲᠦᠮᠡᠨ ᠲᠥᠭᠦᠷᠢᠭ ᠢ ᠭᠦᠢᠴᠡᠳ ᠲᠤᠭ᠎ᠠ ᠪᠠᠷ ᠲᠣᠬᠢᠷᠠᠭᠤᠯᠪᠠ᠃ | ᠬᠤᠶᠠᠷ ᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ ᠳᠡᠭᠡᠳᠦ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠶᠢ | ᠦᠨᠳᠦᠰᠦᠲᠡᠨ ᠤ ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠡᠭᠦᠷᠭᠡ ᠶᠢ ᠳᠡᠮᠵᠢᠬᠦ ᠳᠤ ᠬᠡᠷᠡᠭᠯᠡᠬᠦ ᠶᠢ ᠢᠳᠡᠪᠬᠢᠲᠡᠢ | ᠣᠯᠵᠤ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠥᠷᠭᠡᠨ ᠤᠯᠠᠨ ᠮᠠᠯᠴᠢᠨ ᠲᠦᠮᠡᠨ ᠤ ᠦᠢᠯᠡᠳᠪᠦᠷᠢᠯᠡᠯ᠂ ᠠᠮᠢᠳᠤᠷᠠᠯ ᠤᠨ ᠣᠷᠴᠢᠨ ᠲᠣᠭᠤᠷᠢᠨ ᠢ | ᠪᠦᠲᠦᠮᠵᠢᠲᠡᠢ ᠰᠠᠶᠢᠵᠢᠷᠠᠭᠤᠯᠵᠤ᠂ ᠮᠠᠯᠴᠢᠨ ᠲᠦᠮᠡᠨ ᠤ ᠠᠮᠢᠳᠤᠷᠠᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠦᠷᠭᠦᠯᠵᠢᠯᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠳᠤ ᠰᠠᠭᠤᠷᠢᠯᠠᠨ | ᠂ ᠬᠠᠮᠲᠤ ᠪᠠᠷ ᠴᠡᠴᠡᠭᠯᠡᠨ ᠬᠥᠭᠵᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠠᠬᠢᠭᠤᠯᠵᠤ᠂ ᠮᠠᠨ ᠤ | ᠬᠤᠰᠢᠭᠤᠨ ᠤ ᠦᠨᠳᠦᠰᠦᠲᠡᠨ ᠤ ᠦᠢᠯᠡᠰ ᠢ ᠨᠠᠩ ᠴᠡᠴᠡᠭᠯᠡᠨ ᠬᠥᠭᠵᠢᠭᠦᠯᠦᠨ᠎ᠡ᠃ | | | |