4 ᠰᠠᠷ᠎ᠠ ᠳᠤ᠂ ᠡᠳᠡᠭᠡᠷ ᠭᠠᠵᠠᠷ ᠣᠷᠣᠨ ᠤ ᠦᠶᠡᠷ ᠤᠰᠤᠲᠤᠯ ᠪᠠ ᠰᠠᠯᠬᠢ ᠮᠥᠨᠳᠥᠷ ᠤᠨ ᠭᠠᠮᠰᠢᠭ ᠤᠨ ᠠᠶᠤᠯ ᠲᠦᠭᠰᠢᠭᠦᠷᠢ ᠨᠡᠯᠢᠶᠡᠳ ᠥᠨᠳᠥᠷ
ᠨᠡᠶᠢᠲᠡᠯᠡᠭᠰᠡᠨ ᠴᠠᠭ᠄
2025/4/8
      ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠮᠡᠳᠡᠭᠡ ᠶᠢ ᠦᠨᠳᠦᠰᠦᠯᠡᠪᠡᠯ᠂ ᠣᠯᠠᠨ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠵᠠᠳᠠᠯᠤᠯᠲᠠ ᠠᠴᠠ ᠦᠵᠡᠪᠡᠯ᠂ 4 ᠰᠠᠷ᠎ᠠ ᠳᠤ᠂ ᠠᠭᠠᠷ ᠤᠨ ᠳᠤᠯᠠᠭᠠᠨ ᠳᠡᠭᠡᠭᠰᠢᠯᠡᠬᠦ᠂ ᠰᠢᠷᠦᠭᠦᠨ ᠰᠣᠯᠢᠭ ᠤᠷᠤᠰᠬᠠᠯ ᠪᠠ ᠰᠢᠷᠦᠭᠦᠨ ᠪᠣᠷᠣᠭᠠᠨ ᠣᠷᠣᠬᠤ ᠴᠠᠭ ᠠᠭᠤᠷ ᠨᠡᠮᠡᠭᠳᠡᠬᠦ ᠶᠢ ᠳᠠᠭᠠᠯᠳᠤᠨ᠂ ᠪᠠᠷᠠᠭᠤᠨ ᠡᠮᠦᠨᠡᠲᠦ ᠣᠷᠣᠨ᠂ ᠳᠤᠮᠳᠠᠳᠤ ᠣᠷᠣᠨ᠂ ᠳᠣᠷᠣᠨᠠᠲᠤ ᠣᠷᠣᠨ ᠵᠡᠷᠭᠡ ᠬᠡᠰᠡᠭ ᠭᠠᠵᠠᠷ ᠣᠷᠣᠨ ᠤ ᠦᠶᠡᠷ ᠤᠰᠤᠲᠤᠯ ᠪᠠ ᠰᠠᠯᠬᠢ ᠮᠥᠨᠳᠥᠷ ᠤᠨ ᠭᠠᠮᠰᠢᠭ ᠤᠨ ᠲᠦᠭᠰᠢᠭᠦᠷᠢ ᠨᠡᠯᠢᠶᠡᠳ ᠶᠡᠭᠡ︔ ᠶᠦᠨᠨᠠᠨ ᠤ ᠪᠠᠷᠠᠭᠤᠨ ᠬᠤᠶᠢᠲᠤ ᠪᠡᠶ᠎ᠡ ᠶᠢᠨ ᠬᠡᠰᠡᠭ ᠭᠠᠵᠠᠷ ᠤᠨ ᠭᠠᠢ ᠭᠠᠮᠰᠢᠭ ᠤᠨ ᠠᠶᠤᠯ ᠲᠦᠭᠰᠢᠭᠦᠷᠢ ᠶᠡᠭᠡ᠃      ᠤᠯᠤᠰ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠣᠷᠴᠢᠮᠬᠠᠨ ᠳᠤ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ᠂ ᠤᠯᠤᠰ ᠤᠨ ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ᠂ ᠤᠯᠤᠰ ᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠥᠪᠳᠡᠯᠴᠡᠭᠡᠨ ᠤ ᠬᠤᠷᠠᠯ ᠬᠢᠵᠦ᠂ 4 ᠳ᠋ᠦ᠋ᠭᠡᠷ ᠰᠠᠷ᠎ᠠ ᠶᠢᠨ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠪᠠᠶᠢᠳᠠᠯ ᠢ ᠰᠤᠳᠤᠯᠤᠨ ᠮᠠᠭᠠᠳᠯᠠᠵᠠᠢ᠃      ᠶᠡᠷᠦᠩᠬᠡᠢ ᠵᠠᠳᠠᠯᠤᠯᠲᠠ ᠠᠴᠠ ᠦᠵᠡᠪᠡᠯ᠂ ᠦᠶᠡᠷ ᠤᠰᠤᠲᠤᠯ ᠪᠠ ᠰᠠᠯᠬᠢ ᠮᠥᠨᠳᠥᠷ ᠤᠨ ᠭᠠᠮᠰᠢᠭ ᠤᠨ ᠠᠶᠤᠯ ᠲᠦᠭᠰᠢᠭᠦᠷᠢ ᠶᠢᠨ ᠲᠠᠯ᠎ᠠ ᠪᠠᠷ᠂ 4 ᠰᠠᠷ᠎ᠠ ᠳᠤ ᠂ ᠰᠧᠴᠤᠸᠠᠨ ᠤ ᠪᠠᠷᠠᠭᠤᠨ ᠪᠡᠶ᠎ᠡ᠂ ᠶᠦᠨᠨᠠᠨ ᠤ ᠪᠠᠷᠠᠭᠤᠨ ᠬᠤᠶᠢᠲᠤ ᠪᠡᠶ᠎ᠡ᠂ ᠲᠥᠪᠡᠳ ᠤᠨ ᠵᠡᠭᠦᠨ ᠡᠮᠦᠨ᠎ᠡ ᠪᠡᠶ᠎ᠡ ᠵᠡᠷᠭᠡ ᠭᠠᠵᠠᠷ ᠤᠨ ᠬᠤᠷ᠎ᠠ ᠲᠣᠨᠣᠳᠠᠰᠤ ᠨᠢ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠬᠤᠶᠠᠷ ᠠᠴᠠ ᠲᠠᠪᠤᠨ ᠬᠤᠪᠢ ᠢᠯᠡᠭᠦᠦ᠃ ᠠᠭᠠᠷ ᠤᠨ ᠳᠤᠯᠠᠭᠠᠨ ᠤ ᠶᠡᠷᠦᠩᠬᠡᠢ ᠳᠡᠭᠡᠨ ᠥᠨᠳᠥᠷ ᠰᠢᠭ ᠪᠠᠶᠢᠬᠤ ᠨᠥᠯᠥᠭᠡ ᠠᠴᠠ ᠪᠣᠯᠵᠤ᠂ ᠵᠡᠭᠦᠨ ᠬᠤᠶᠢᠲᠤ ᠣᠷᠣᠨ ᠤ ᠰᠤᠩᠭᠠᠷᠢ ᠮᠥᠷᠡᠨ᠂ ᠬᠠᠷᠠᠮᠥ᠋ᠷᠡᠨ᠂ ᠦᠰᠰᠤᠷᠢ ᠮᠥᠷᠡᠨ ᠵᠡᠷᠭᠡ ᠬᠥᠯᠳᠡᠭᠦᠦ ᠭᠤᠣᠯ ᠮᠥᠷᠡᠨ ᠤ ᠬᠡᠰᠦᠬᠦ ᠴᠠᠭ ᠨᠢ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠡᠷᠲᠡ ᠰᠢᠭ ᠪᠠᠶᠢᠵᠤ ᠮᠡᠳᠡᠨ᠎ᠡ᠃      ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠲᠦᠭᠰᠢᠭᠦᠷᠢ ᠶᠢᠨ ᠲᠠᠯ᠎ᠠ ᠪᠠᠷ᠂ ᠵᠢᠱᠢᠯᠲᠡ ᠪᠠᠷ 4 ᠳ᠋ᠦ᠋ᠭᠡᠷ ᠰᠠᠷ᠎ᠠ ᠳᠤ᠂ ᠪᠡᠭᠡᠵᠢᠩ ᠤᠨ ᠬᠤᠶᠢᠲᠤ ᠪᠡᠶ᠎ᠡ ᠪᠠ ᠪᠠᠷᠠᠭᠤᠨ ᠪᠡᠶ᠎ᠡ᠂ ᠾᠧᠪᠧᠢ ᠶᠢᠨ ᠵᠡᠭᠦᠨ ᠬᠤᠶᠢᠲᠤ ᠪᠡᠶ᠎ᠡ ᠪᠠ ᠪᠠᠷᠠᠭᠤᠨ ᠪᠡᠶ᠎ᠡ᠂ ᠱᠠᠨ ᠰᠢ ᠶᠢᠨ ᠵᠡᠭᠦᠨ ᠪᠡᠶ᠎ᠡ ᠵᠡᠷᠭᠡ ᠭᠠᠵᠠᠷ ᠤᠨ ᠬᠡᠰᠡᠭ ᠭᠠᠵᠠᠷ ᠣᠷᠣᠨ ᠤ ᠣᠶ ᠰᠢᠭᠤᠢ ᠶᠢᠨ ᠲᠦᠢᠮᠡᠷ ᠤᠨ ᠭᠠᠮᠰᠢᠭ ᠤᠨ ᠲᠦᠭᠰᠢᠭᠦᠷᠢ ᠥᠨᠳᠥᠷ ᠪᠣᠯᠣᠨ᠎ᠠ᠂ ᠾᠧᠪᠧᠢ ᠶᠢᠨ ᠬᠤᠶᠢᠲᠤ ᠪᠡᠶ᠎ᠡ᠂ ᠥᠪᠥᠷ ᠮᠣᠩᠭᠤᠯ ᠤᠨ ᠵᠡᠭᠦᠨ ᠪᠡᠶ᠎ᠡ᠂ ᠭᠠᠨᠰᠤ ᠶᠢᠨ ᠪᠠᠷᠠᠭᠤᠨ ᠪᠡᠶ᠎ᠡ᠂ ᠬᠥᠬᠡᠨᠠᠭᠤᠷ ᠤᠨ ᠵᠡᠭᠦᠨ ᠪᠡᠶ᠎ᠡ ᠶᠢᠨ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ ᠤᠨ ᠲᠦᠭᠰᠢᠭᠦᠷᠢ ᠨᠡᠯᠢᠶᠡᠳ ᠥᠨᠳᠥᠷ᠂ ᠬᠡᠰᠡᠭ ᠬᠤᠭᠤᠴᠠᠭᠠᠨ ᠳᠠᠬᠢ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ ᠤᠨ ᠲᠦᠭᠰᠢᠭᠦᠷᠢ ᠶᠡᠬᠡᠰᠦᠨ᠎ᠡ᠃      ᠭᠠᠩ ᠬᠠᠭᠰᠠᠷᠠᠭᠠᠨ ᠤ ᠭᠠᠮᠰᠢᠭ ᠤᠨ ᠠᠶᠤᠯ ᠲᠦᠭᠰᠢᠭᠦᠷᠢ ᠶᠢᠨ ᠲᠠᠯ᠎ᠠ ᠪᠠᠷ᠂ ᠡᠮᠦᠨᠡᠬᠢ ᠬᠤᠭᠤᠴᠠᠭᠠᠨ ᠤ ᠳᠤᠯᠠᠭᠠᠨ ᠥᠨᠳᠥᠷ ᠪᠣᠷᠣᠭᠠᠨ ᠪᠠᠭ᠎ᠠ ᠪᠠᠶᠢᠬᠤ ᠨᠥᠯᠥᠭᠡ ᠠᠴᠠ ᠪᠣᠯᠵᠤ᠂ ᠪᠠᠷᠠᠭᠤᠨ ᠡᠮᠦᠨᠡᠲᠦ ᠡᠮᠦᠨᠡᠲᠦ ᠬᠡᠰᠡᠭ᠂ ᠡᠮᠦᠨᠡᠲᠦ ᠣᠷᠣᠨ ᠤ ᠪᠠᠷᠠᠭᠤᠨ ᠪᠡᠶ᠎ᠡ ᠳᠤ ᠣᠳᠣᠬᠠᠨ ᠳᠤ ᠳᠤᠮᠳᠠ ᠵᠡᠷᠭᠡ ᠶᠢᠨ ᠴᠠᠭ ᠠᠭᠤᠷ ᠤᠨ ᠭᠠᠩ ᠬᠠᠭᠰᠠᠷᠠᠭᠠᠨ ᠣᠷᠣᠰᠢᠵᠤ ᠪᠠᠶᠢᠨ᠎ᠠ᠃ ᠵᠢᠱᠢᠯᠲᠡ ᠪᠠᠷ 4 ᠰᠠᠷ᠎ᠠ ᠳᠤ᠂ ᠤᠮᠠᠷᠠᠲᠤ ᠣᠷᠣᠨ ᠤ ᠡᠮᠦᠨ᠎ᠡ ᠪᠡᠶ᠎ᠡ᠂ ᠳᠤᠮᠳᠠᠳᠤ ᠣᠷᠣᠨ ᠤ ᠵᠡᠭᠦᠨ ᠬᠤᠶᠢᠲᠤ ᠪᠡᠶ᠎ᠡ᠂ ᠳᠤᠮᠳᠠᠳᠤ ᠣᠷᠣᠨ ᠤ ᠬᠤᠶᠢᠲᠤ ᠪᠡᠶ᠎ᠡ᠂ ᠡᠮᠦᠨᠡᠲᠦ ᠣᠷᠣᠨ ᠤ ᠡᠮᠦᠨ᠎ᠡ ᠪᠡᠶ᠎ᠡ᠂ ᠰᠢᠨᠵᠢᠶᠠᠩ ᠤᠨ ᠡᠮᠦᠨ᠎ᠡ ᠪᠡᠶ᠎ᠡ ᠵᠡᠷᠭᠡ ᠭᠠᠵᠠᠷ ᠤᠨ ᠠᠭᠠᠷ ᠤᠨ ᠳᠤᠯᠠᠭᠠᠨ ᠨᠡᠯᠢᠶᠡᠳ ᠥᠨᠳᠥᠷ᠂ ᠬᠤᠷ᠎ᠠ ᠲᠤᠨᠤᠳᠠᠰᠤ ᠪᠠᠭ᠎ᠠ ᠪᠣᠯᠬᠤᠷ ᠭᠠᠩ ᠬᠠᠭᠰᠠᠷᠠᠭᠠᠨ ᠤ ᠬᠥᠭᠵᠢᠯᠲᠡ ᠶᠢ ᠦᠷᠭᠦᠯᠵᠢᠯᠡᠨ ᠠᠩᠬᠠᠷᠴᠤ᠂ ᠭᠠᠩ ᠬᠠᠭᠰᠠᠷᠠᠭᠠᠨ ᠲᠠᠢ ᠲᠡᠮᠡᠴᠡᠵᠦ ᠤᠰᠤ ᠬᠠᠮᠠᠭᠠᠯᠠᠬᠤ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠬᠦ ᠴᠢᠬᠤᠯᠠᠲᠠᠢ ᠪᠠᠶᠢᠨ᠎ᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ