︽ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡ ᠭᠠᠷᠠᠭ ᠤᠨ ᠵᠠᠰᠠᠭ ᠤᠨ ᠶᠠᠪᠤᠳᠠᠯ︾ ᠪᠣᠯᠤᠩ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠤᠳᠤᠷᠢᠳᠤᠯᠭ᠎ᠠ ᠨᠠᠷ ᠤᠨ ᠭᠠᠷᠠᠭ ᠪᠦᠷᠢ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠤᠯᠤᠰ᠂ ᠦᠪᠡᠷᠲᠡᠭᠡᠨ ᠵᠠᠰᠠᠬᠤ ᠣᠷᠣᠨ ᠪᠠ ᠬᠤᠲᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠶᠢᠲᠡᠯᠡᠭᠰᠡᠨ ᠲᠦᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠨᠢᠭᠡ ᠭᠠᠷᠠᠭ ᠤᠨ | ᠵᠠᠰᠠᠭ ᠤᠨ ᠰᠢᠨ᠎ᠡ ᠶᠠᠪᠤᠳᠠᠯ ᠢ ᠲᠣᠪᠴᠢᠬᠠᠨ ᠣᠶᠢᠯᠠᠭᠠᠭᠤᠯᠬᠤ ᠪᠣᠯᠣᠨ᠎ᠠ᠃ | ᠰᠢᠨ᠎ᠡ ᠪᠠᠷᠭᠤ ᠪᠠᠷᠠᠭᠤᠨ ᠬᠤᠰᠢᠭᠤ ᠪᠣᠯᠪᠠᠰᠤᠨ ᠲᠠᠬᠢᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ | 4 ᠰᠠᠷ᠎ᠠ ᠶᠢᠨ 1 ᠤ ᠡᠳᠦᠷ᠂ ᠮᠠᠨ ᠤ ᠬᠤᠰᠢᠭᠤ ᠪᠣᠯᠪᠠᠰᠤᠨ ᠲᠠᠬᠢᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠤᠯᠠᠮᠵᠢᠯᠠᠯᠲᠤ | ᠲᠠᠬᠢᠯᠭ᠎ᠠ ᠶᠢᠨ ᠦᠵᠡᠯᠲᠡ ᠢᠶᠠᠨ ᠬᠤᠪᠢᠷᠠᠭᠤᠯᠵᠤ᠂ ᠪᠣᠯᠪᠠᠰᠤᠨ ᠲᠠᠬᠢᠯᠭ᠎ᠠ ᠬᠢᠵᠦ ᠣᠷᠴᠢᠨ ᠲᠣᠭᠤᠷᠢᠨ ᠢ ᠬᠠᠮᠠᠭᠠᠯᠠᠬᠤ ᠰᠢᠨ᠎ᠡ ᠬᠡᠪ ᠰᠤᠷᠲᠠᠯ ᠢ ᠪᠣᠶ ᠪᠣᠯᠭᠠᠬᠤ ᠶᠢ | ᠬᠦᠲᠦᠯᠦᠨ ᠵᠢᠯᠣᠭᠤᠳᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 106 ᠳ᠋ᠤᠭᠠᠷ | ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ | 4 ᠰᠠᠷ᠎ᠠ ᠶᠢᠨ 3 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ | ᠬᠤᠷᠢᠶ᠎ᠠ ᠶᠢᠨ 106 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ | ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠭᠤᠷᠢᠨ ᠪᠠᠶᠢᠴᠠᠭᠠᠭᠰᠠᠨ ᠠᠵᠢᠯ ᠤᠨ | ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠲᠤᠰᠬᠠᠶ ᠰᠡᠳᠦᠪ ᠢᠶᠠᠷ ᠰᠤᠳᠤᠯᠵᠤ᠂ ᠬᠤᠯᠪᠣᠭᠳᠠᠯ ᠪᠥᠬᠦᠶ ᠤᠴᠢᠷ ᠶᠠᠪᠤᠳᠠᠯ ᠢ ᠬᠢᠨᠠᠨ ᠵᠥᠪᠯᠡᠪᠡ᠃ ᠬᠥᠯᠥᠨ ᠪᠤᠶᠢᠷ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠷᠠᠯ ᠢ ᠡᠷᠭᠢᠯᠡᠭᠰᠡᠨ ᠪᠥᠭᠡᠳ | ᠶᠠᠷᠢᠶ᠎ᠠ ᠲᠠᠯᠪᠢᠪᠠ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 5 ᠳ᠋ᠤᠭᠠᠷ ᠤᠳᠠᠭ᠎ᠠ ᠶᠢᠨ ᠬᠤᠷᠠᠯ᠂ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ | ᠠᠩᠬᠠᠳᠤᠭᠠᠷ ᠤᠳᠠᠭ᠎ᠠ ᠶᠢᠨ ᠬᠠᠮᠲᠤᠷᠠᠭᠰᠠᠨ ᠬᠤᠷᠠᠯ ᠬᠤᠷᠠᠯᠳᠤᠪᠠ | 4 ᠰᠠᠷ᠎ᠠ ᠶᠢᠨ 3 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠲᠠᠪᠤᠳᠤᠭᠠᠷ | ᠤᠳᠠᠭᠠᠨ ᠤ ᠬᠤᠷᠠᠯ᠂ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ | ᠰᠤᠷᠲᠠᠯ ᠴᠢᠬᠡᠴᠢ ᠵᠠᠰᠠᠭ ᠤᠨ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠴᠣᠬᠤᠯᠠᠪᠤᠷᠢ ᠵᠢᠴᠢ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠢᠢᠷ᠎ᠠ ᠶᠢᠨ | ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠰᠢᠨ᠎ᠡ ᠪᠠᠷᠭᠤ ᠪᠠᠷᠠᠭᠤᠨ ᠬᠤᠰᠢᠭᠤ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠬᠦᠯᠵᠦ ᠨᠤᠳᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠠᠯᠬᠠᠪᠴᠢ ᠶᠢ | ᠪᠠᠬᠢᠵᠢᠬᠦᠯᠪᠡ | 4 ᠰᠠᠷ᠎ᠠ ᠶᠢᠨ 3 ᠤ ᠡᠳᠦᠷ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠤᠰᠢᠭᠤᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠵᠦ᠂ ᠬᠢᠯᠢ ᠬᠢᠵᠠᠭᠠᠷ ᠶᠢᠨ | ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ︽119︾ ᠲᠥᠷᠥᠯ ᠵᠦᠢᠯ ᠪᠠ ᠡᠳ᠋ ᠪᠣᠳᠠᠰ ᠢ ᠲᠣᠬᠢᠷᠠᠭᠤᠯᠬᠤ ᠠᠵᠢᠯᠯᠠᠭ᠎ᠠ ᠶᠢ ᠵᠡᠷᠭᠡᠪᠡᠷ ᠡᠬᠢᠯᠡᠭᠦᠯᠵᠦ᠂ | ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢ ᠴᠢᠩᠭᠠᠳᠬᠠᠬᠤ ᠪᠠᠷ ᠳᠠᠮᠵᠢᠭᠤᠯᠤᠨ᠂ ᠬᠠᠩᠰᠢ ᠶᠢᠨ ᠠᠮᠠᠷᠠᠯᠲᠠ ᠪᠠ | ᠬᠠᠪᠤᠷ ᠤᠨ ᠤᠯᠠᠷᠢᠯ ᠤᠨ ᠭᠠᠯ ᠤᠨ ᠠᠶᠤᠯ ᠤᠨ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠠᠷᠭᠠᠴᠠᠵᠤ᠂ ᠨᠤᠲᠤᠭ ᠪᠡᠯᠴᠢᠭᠡᠷ ᠤᠨ ᠠᠮᠢ ᠠᠬᠤᠶ ᠬᠢᠭᠡᠳ ᠣᠯᠠᠨ | ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠬᠢᠨ ᠬᠠᠮᠠᠭᠠᠯᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠢᠦᠶ ᠸᠧᠨ ᠴᠧᠩ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠬᠠᠨ ᠶᠦᠩ ᠯᠢ ᠠᠵᠢᠯᠯᠠᠭ᠎ᠠ ᠳᠤ | ᠣᠷᠣᠯᠴᠠᠪᠠ᠃ |