4 ᠰᠠᠷ᠎ᠠ ᠶᠢᠨ 7 ᠤ ᠡᠳᠦᠷ᠂ ᠬᠤᠰᠢᠭᠤᠨ ᠤ ᠰᠣᠶᠣᠯ ᠤᠨ ᠣᠷᠳᠣᠨ ︵ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ︶ | ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠶᠢᠨ ᠣᠨᠴᠠᠭᠠᠢ ᠪᠣᠯᠪᠠᠰᠤᠷᠠᠯ ᠤᠨ ᠰᠢᠷᠢᠰ ᠠᠵᠢᠯᠯᠠᠭ᠎ᠠ ᠶᠢ ᠡᠷᠬᠢᠯᠡᠵᠦ᠂ ᠤᠮᠠᠷᠠᠲᠤ ᠬᠢᠯᠢ ᠶᠢᠨ ᠰᠣᠶᠣᠯ ᠢ | ᠪᠠᠳᠠᠷᠠᠭᠤᠯᠬᠤ ᠳᠤ ᠬᠦᠴᠦᠨ ᠨᠡᠮᠡᠷᠢᠯᠡᠵᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠬᠥᠭᠵᠢᠭᠦᠯᠬᠦ ᠶᠢ ᠠᠬᠢᠭᠤᠯᠪᠠ᠃ | | | | ᠪᠣᠯᠪᠠᠰᠤᠷᠠᠯ ᠳᠤ᠂ ᠪᠠᠭᠰᠢ ᠠᠴᠠ ᠪᠣᠳᠠᠰ ᠤᠨ ᠪᠤᠰᠤ ᠰᠣᠶᠣᠯ ᠤᠨ ᠥᠪ ᠤᠨ ᠵᠣᠬᠢᠶᠠᠯ ᠪᠦᠲᠦᠭᠡᠯ ᠤᠨ ᠲᠣᠭᠤᠷᠢᠨ ᠳᠤ ᠣᠯᠪᠣᠭ᠂ ᠳᠡᠷᠡ ᠵᠡᠷᠭᠡ ᠡᠳᠦᠷ | ᠲᠤᠲᠤᠮ ᠤᠨ ᠭᠡᠷ ᠤᠨ ᠬᠡᠷᠡᠭᠰᠡᠯ ᠬᠢᠬᠦ ᠤᠷ᠎ᠠ ᠮᠡᠷᠭᠡᠵᠢᠯ ᠢ ᠭᠤᠤᠯᠳᠠᠯᠭ᠎ᠠ ᠲᠠᠢ ᠲᠠᠶᠢᠯᠪᠤᠷᠢᠯᠠᠪᠠ᠃ ᠪᠦᠰ ᠮᠠᠲ᠋ᠧᠷᠢᠶᠠᠯ ᠢ ᠰᠢᠯᠢᠨ ᠰᠣᠩᠭᠤᠬᠤ᠂ ᠬᠠᠶᠢᠴᠢᠯᠠᠬᠤ ᠡᠰᠭᠡᠬᠦ | ᠠᠷᠭ᠎ᠠ ᠶᠢᠨ ᠬᠡᠷᠡᠭᠯᠡᠯᠲᠡ ᠠᠴᠠ ᠠᠯᠬᠤᠮ ᠳᠠᠷᠠᠭ᠎ᠠ ᠨᠢᠭᠡᠪᠦᠷᠢ ᠶᠢ ᠬᠦᠯᠢᠴᠡᠩᠭᠦᠶ ᠪᠠᠷ ᠨᠠᠷᠢᠨ ᠨᠢᠮᠪᠠᠶ ᠲᠠᠶᠢᠯᠪᠤᠷᠢᠯᠠᠵᠤ᠂ ᠰᠤᠷᠤᠭᠴᠢᠳ ᠨᠠᠷᠢᠨ ᠬᠢᠨᠠᠮᠠᠭᠠᠶ ᠰᠣᠨᠣᠰᠴᠤ᠂ | ᠲᠡᠮᠳᠡᠭᠯᠡᠯ ᠬᠢᠵᠦ᠂ ᠪᠣᠳᠠᠲᠠᠶ ᠠᠵᠢᠯᠯᠠᠭ᠎ᠠ ᠳᠤᠮᠳᠠ ᠪᠠᠨ ᠣᠶᠣᠬᠤ ᠠᠷᠭ᠎ᠠ ᠶᠢ ᠲᠠᠰᠤᠷᠠᠯᠲᠠ ᠥᠬᠡᠶ ᠪᠣᠯᠪᠠᠰᠤᠷᠠᠵᠤ᠂ ᠰᠠᠨᠠᠭᠠᠴᠢᠯᠠᠭ᠎ᠠ ᠠᠴᠠ ᠪᠠᠨ ᠰᠣᠯᠢᠯᠴᠠᠨ | ᠶᠠᠷᠢᠯᠴᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠠᠯᠬᠤᠮ ᠨᠢᠭᠡᠪᠦᠷᠢ ᠳᠤ ᠠᠭᠤᠰᠬᠠᠨ ᠣᠷᠣᠭᠤᠯᠪᠠ᠃ | | | | ᠰᠤᠷᠤᠭᠴᠢ ᠲᠤᠶᠠᠭ᠎ᠠ᠄ ︽ᠪᠢ ᠪᠣᠯ ᠠᠵᠢᠯ ᠠᠴᠠ ᠪᠠᠨ ᠠᠮᠠᠷᠠᠭᠰᠠᠨ ᠺᠠᠳ᠋ᠷ ᠶᠤᠮ᠂ ᠶᠡᠷᠦ ᠨᠢ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠳᠤ | ᠰᠣᠨᠢᠷᠬᠠᠯ ᠲᠠᠢ ᠪᠠᠶᠢᠳᠠᠭ᠂ ᠭᠡᠪᠡᠴᠦ ᠲᠤᠰᠬᠠᠶ ᠮᠡᠷᠭᠡᠵᠢᠯ ᠤᠨ ᠵᠢᠯᠣᠭᠤᠳᠤᠯᠭ᠎ᠠ ᠳᠤᠲᠠᠭᠳᠠᠵᠤ ᠪᠠᠶᠢᠨ᠎ᠠ᠃ ᠡᠨᠡ ᠤᠳᠠᠭᠠᠨ ᠤ ᠪᠣᠯᠪᠠᠰᠤᠷᠠᠯ ᠤᠨ ᠠᠩᠭᠢ ᠨᠢ | ᠰᠤᠷᠤᠯᠴᠠᠬᠤ ᠲᠣᠬᠢᠶᠠᠯ ᠬᠠᠩᠭᠠᠭᠰᠠᠨ ᠢᠶᠠᠷ ᠪᠠᠷᠠᠬᠤ ᠥᠬᠡᠶ ᠪᠠᠰᠠ ᠤᠮᠠᠷᠠᠲᠤ ᠬᠢᠯᠢ ᠶᠢᠨ ᠰᠣᠶᠣᠯ ᠤᠨ ᠷᠢᠳᠢ ᠰᠢᠳᠢ ᠶᠢ ᠴᠦ ᠭᠦᠨᠵᠡᠭᠡᠶ ᠮᠡᠳᠡᠷᠡᠭᠦᠯᠪᠡ᠂ ᠪᠢ ᠰᠤᠷᠴᠤ | ᠡᠵᠡᠮᠰᠢᠭᠰᠡᠨ ᠢᠶᠠᠨ ᠠᠮᠢᠳᠤᠷᠠᠯ ᠳᠠᠭᠠᠨ ᠬᠡᠷᠡᠭᠯᠡᠵᠦ᠂ ᠡᠲᠡᠭᠡᠷ ᠬᠤᠪᠣᠷ ᠨᠠᠨᠳᠢᠨ ᠤᠷ᠎ᠠ ᠮᠡᠷᠭᠡᠵᠢᠯ ᠢᠶᠠᠨ ᠤᠯᠠᠮᠵᠢᠯᠠᠨ ᠵᠠᠯᠭᠠᠮᠵᠢᠯᠠᠬᠤ ᠶᠢ ᠬᠦᠰᠡᠵᠦ ᠪᠠᠶᠢᠨ᠎ᠠ︾ ᠭᠡᠵᠡᠶ᠃ | | | | | | ᠲᠣᠰ ᠤᠳᠠᠭᠠᠨ ᠤ ᠪᠣᠯᠪᠠᠰᠤᠷᠠᠯ ᠤᠨ ᠠᠩᠭᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠬᠤᠰᠢᠭᠤᠨ ᠤ ᠰᠣᠶᠣᠯ ᠤᠨ ᠣᠷᠳᠣᠨ ᠪᠣᠯᠤᠨ | ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ ᠠᠴᠠ ᠭᠤᠤᠯᠯᠠᠨ ᠡᠷᠭᠢᠯᠡᠵᠦ᠂ ᠪᠠᠷᠭᠤ ᠭᠤᠸ᠎ᠠ ᠵᠠᠰᠠᠯ ᠤᠨ ᠨᠡᠶᠢᠭᠡᠮᠯᠢᠭ ᠬᠠᠮᠵᠢᠯᠴᠠᠨ ᠡᠷᠭᠢᠯᠡᠵᠦ | ᠂ ᠰᠤᠷᠤᠭᠴᠢᠳ ᠢ ᠬᠥᠲᠥᠯᠦᠨ ᠵᠢᠯᠣᠭᠤᠳᠴᠤ ᠵᠣᠬᠢᠶᠠᠨ ᠪᠦᠲᠦᠭᠡᠵᠦ ᠦᠢᠯᠡᠳᠦᠯᠭᠡᠵᠢᠭᠦᠯᠬᠦ ᠪᠠᠷ ᠳᠠᠮᠵᠢᠭᠤᠯᠤᠨ᠂ ᠤᠯᠠᠮᠵᠢᠯᠠᠯᠲᠤ ᠪᠣᠳᠠᠰ ᠤᠨ ᠪᠤᠰᠤ ᠰᠣᠶᠣᠯ ᠤᠨ | ᠥᠪ ᠤᠨ ᠭᠠᠷ ᠤᠷᠠᠯᠠᠯ ᠢ ᠣᠲᠣ ᠦᠶ᠎ᠡ ᠶᠢᠨ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠪᠠ᠃ ᠣᠶᠢᠯᠠᠭᠠᠭᠰᠠᠨ ᠢᠶᠠᠷ᠂ ᠪᠣᠳᠠᠰ ᠤᠨ ᠪᠤᠰᠤ ᠰᠣᠶᠣᠯ ᠤᠨ ᠥᠪ ᠤᠨ | ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠰᠢᠷᠢᠰ ᠠᠵᠢᠯᠯᠠᠭ᠎ᠠ ᠨᠠᠢᠮᠠᠳᠤᠭᠠᠷ ᠰᠠᠷ᠎ᠠ ᠶᠢᠨ ᠬᠤᠷᠢᠳ ᠢᠶᠠᠷ ᠦᠷᠭᠦᠯᠵᠢᠯᠡᠵᠦ᠂ ᠳᠠᠷᠠᠭᠠᠴᠢ ᠪᠠᠷ ᠣᠲᠣ ᠦᠶ᠎ᠡ ᠶᠢᠨ | ᠮᠣᠩᠭᠤᠯ ᠬᠤᠪᠴᠠᠰᠤ ᠣᠶᠣᠬᠤ᠂ ᠮᠣᠩᠭᠤᠯ ᠲᠡᠷᠯᠢᠭ ᠡᠰᠬᠡᠬᠦ᠂ ᠨᠣᠣᠰᠣᠨ ᠳᠡᠭᠡᠰᠦ ᠶᠢᠨ ᠤᠷ᠎ᠠ ᠮᠡᠷᠭᠡᠵᠢᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ | ᠲᠥᠷᠥᠯ ᠵᠦᠢᠯ ᠤᠨ ᠪᠣᠯᠪᠠᠰᠤᠷᠠᠯ ᠢ ᠥᠷᠨᠢᠭᠦᠯᠵᠦ᠂ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠪᠠ ᠬᠥᠳᠡᠭᠡ ᠲᠣᠰᠬᠤᠨ ᠤ ᠰᠣᠶᠣᠯ ᠢ | ᠬᠥᠭᠵᠢᠭᠦᠯᠦᠨ ᠮᠠᠨᠳᠤᠭᠤᠯᠬᠤ ᠶᠢ ᠵᠡᠷᠭᠡ ᠪᠠᠷ ᠶᠠᠪᠤᠭᠳᠠᠭᠤᠯᠵᠤ᠂ ᠠᠮᠢᠳᠤᠯᠢᠭ ᠤᠯᠠᠮᠵᠢᠯᠠᠯ ᠪᠠ ᠰᠢᠨ᠎ᠡ ᠶᠢ ᠡᠭᠦᠳᠦᠨ ᠬᠥᠭᠵᠢᠬᠦ ᠶᠢ ᠵᠡᠷᠭᠡ ᠪᠠᠷ ᠠᠬᠢᠭᠤᠯᠬᠤ ᠪᠣᠯᠤᠨ᠎ᠠ᠃ | | | | | ᠬᠤᠰᠢᠭᠤᠨ ᠤ ᠰᠣᠶᠣᠯ ᠤᠨ ᠣᠷᠳᠣᠨ ᠤ ᠳᠠᠷᠤᠭ᠎ᠠ ᠯᠢᠩ ᠡᠾᠦ᠋ᠢ᠄ ︽ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠤᠯᠠᠮᠵᠢᠯᠠᠨ | ᠵᠠᠯᠭᠠᠮᠵᠢᠯᠠᠬᠤ ᠪᠠ ᠬᠥᠭᠵᠢᠭᠦᠯᠬᠦ ᠨᠢ ᠣᠯᠠᠨ ᠲᠦᠮᠡᠨ ᠤ ᠣᠶᠤᠨ ᠤ ᠠᠮᠢᠳᠤᠷᠠᠯ ᠢ ᠪᠠᠶᠠᠯᠢᠭᠵᠢᠭᠤᠯᠵᠤ ᠴᠢᠳᠠᠬᠤ ᠪᠠᠷ ᠪᠠᠷᠠᠬᠤ ᠦᠭᠡᠢ ᠪᠠᠰᠠ ᠠᠵᠢᠯ ᠣᠯᠵᠤ ᠠᠳᠠᠯ | ᠦᠢᠯᠡᠰ ᠴᠣᠭᠴᠠᠯᠠᠬᠤ ᠳᠤ ᠰᠢᠨ᠎ᠡ ᠠᠷᠭ᠎ᠠ ᠵᠠᠮ ᠢ ᠨᠡᠭᠡᠭᠡᠵᠦ ᠥᠭᠭᠦᠨ᠎ᠡ᠂ ᠳᠠᠷᠠᠭᠠᠴᠢ ᠶᠢᠨ ᠠᠯᠬᠤᠮ ᠳᠤ᠂ ᠰᠣᠶᠣᠯ ᠤᠨ ᠣᠷᠳᠣᠨ ᠦᠷᠭᠦᠯᠵᠢᠯᠡᠨ ᠡᠯ᠎ᠡ ᠨᠡᠶᠢᠭᠡᠮᠯᠢᠭ | ᠪᠠ ᠬᠠᠮᠢᠶ᠎ᠠ ᠪᠦᠬᠦᠢ ᠨᠢᠭᠡᠴᠡ ᠲᠠᠢ ᠬᠠᠮᠲᠤᠷᠠᠯᠴᠠᠵᠤ᠂ ᠨᠡᠩ ᠤᠯᠠᠨ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠵᠦ᠂ | ᠨᠡᠩ ᠤᠯᠠᠨ ᠬᠦᠮᠦᠰ ᠲᠤ ᠳᠡᠮᠵᠢᠯᠭᠡ ᠦᠵᠡᠭᠦᠯᠵᠦ᠂ ᠤᠷ᠎ᠠ ᠮᠡᠷᠭᠡᠵᠢᠯ ᠢ ᠡᠵᠡᠮᠰᠢᠬᠦ ᠳᠤ ᠬᠦᠴᠦ ᠨᠡᠮᠡᠷᠢᠯᠡᠵᠦ᠂ ᠤᠮᠠᠷᠠᠲᠤ ᠬᠢᠯᠢ ᠶᠢᠨ ᠰᠣᠶᠣᠯ ᠤᠨ ᠠᠵᠤ ᠦᠢᠯᠡᠰ | ᠪᠠ ᠠᠵᠢᠯ ᠣᠯᠭᠤᠯᠲᠠ ᠶᠢᠨ ᠠᠵᠢᠯ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ︾ ᠭᠡᠵᠦ ᠬᠡᠯᠡᠪᠡ᠃ | | |