4 ᠰᠠᠷ᠎ᠠ ᠶᠢᠨ 7 ᠤ ᠡᠳᠦᠷ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠲᠠᠩᠰᠠ ᠡᠪᠬᠡᠮᠡᠯ ᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠬᠤᠷᠠᠯ ᠢ ᠰᠤᠷᠭᠠᠨ ᠬᠥᠮᠦᠵᠢᠯ ᠤᠨ ᠲᠣᠪᠴᠢᠶ᠎ᠠ ᠶᠢᠨ ᠡᠯ᠎ᠡ ᠲᠠᠰᠤᠭ ᠤᠨ ᠲᠦᠭᠡᠮᠡᠯ ᠬᠠᠷᠠᠭᠠᠯᠵᠠᠯ ᠤᠨ ᠲᠠᠩᠰᠠ ᠡᠪᠬᠡᠮᠡᠯ ᠤᠨ ᠬᠠᠮᠢᠶ᠎ᠠ ᠪᠥᠬᠦᠶ | ᠠᠵᠢᠯᠲᠠᠨ᠂ ᠬᠡᠤᠬᠡᠳ ᠤᠨ ᠴᠡᠴᠡᠷᠯᠢᠭ ᠤᠨ ᠳᠠᠷᠤᠭ᠎ᠠ᠂ ᠴᠡᠴᠡᠷᠯᠢᠭ ᠤᠨ ᠳᠡᠳ᠋ ᠳᠠᠷᠤᠭ᠎ᠠ᠂ ᠲᠠᠩᠰᠠ ᠡᠪᠬᠡᠮᠡᠯ ᠤᠨᠬᠠᠷᠢᠭᠤᠴᠠᠯᠭᠠᠲᠠᠳ ᠣᠷᠣᠯᠴᠠᠪᠠ᠃ | | | | ᠬᠤᠷᠠᠯ ᠠᠴᠠ᠂ ᠪᠥᠬᠦ ᠣᠷᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠢ ᠲᠦᠭᠡᠮᠡᠯᠵᠢᠭᠦᠯᠬᠦ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ︾ ᠶᠢᠨ ᠭᠤᠤᠯ ᠭᠦᠢᠴᠡᠳᠬᠡᠯ ᠲᠤᠭ᠎ᠠ ᠶᠢᠨ | ᠱᠠᠭᠠᠷᠳᠠᠯᠭ᠎ᠠ ᠶᠢ ᠭᠤᠤᠯᠳᠠᠯᠭ᠎ᠠ ᠲᠠᠢ ᠲᠠᠶᠢᠯᠤᠮᠵᠢ ᠬᠢᠪᠠ᠃ ᠨᠢᠭᠡᠳᠦᠭᠡᠷ ᠬᠡᠤᠬᠡᠳ ᠤᠨ ᠴᠡᠴᠡᠷᠯᠢᠭ᠂ ᠬᠤᠶᠠᠳᠤᠭᠠᠷ ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠨ | ᠲᠠᠩᠰᠠ ᠡᠪᠬᠡᠮᠡᠯ ᠤᠨ ᠪᠠᠶᠢᠭᠤᠯᠤᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠱᠠᠯᠠᠪᠳᠠᠨ ᠪᠠᠶᠢᠴᠠᠭᠠᠪᠠ᠃ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ | ᠦᠵᠡᠬᠦ᠂ ᠪᠠᠭᠰᠢ ᠨᠠᠷ ᠢ ᠲᠣᠬᠢᠶᠠᠯᠳᠤᠯ ᠢᠶᠠᠷ ᠰᠤᠷᠪᠤᠯᠵᠢᠯᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠡᠴᠡᠷᠯᠢᠭ ᠡᠷᠭᠢᠯᠡᠬᠦ ᠨᠥᠬᠦᠴᠡᠯ᠂ | ᠪᠠᠭᠰᠢ ᠶᠢᠨ ᠡᠩᠨᠡᠭᠡ᠂ ᠠᠮᠤᠷ ᠲᠦᠪᠰᠢᠨ ᠡᠷᠡᠭᠦᠯ ᠬᠠᠮᠠᠭᠠᠯᠠᠯ᠂ ᠠᠰᠠᠷᠠᠨ ᠬᠥᠮᠦᠵᠢᠭᠦᠯᠬᠦ ᠶᠠᠰᠤ ᠴᠢᠨᠠᠷ ᠵᠡᠷᠭᠡ ᠲᠠᠯ᠎ᠠ ᠶᠢᠨ ᠲᠠᠩᠰᠠ ᠡᠪᠬᠡᠮᠡᠯ ᠤᠨ ᠪᠠᠶᠢᠭᠤᠯᠤᠯᠲᠠ ᠶᠢᠨ | ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠲᠠᠩᠰᠠ ᠡᠪᠬᠡᠮᠡᠯ ᠤᠨ ᠲᠥᠷᠥᠯ ᠠᠩᠭᠢᠯᠠᠯ ᠨᠢ ᠰᠢᠨᠵᠢᠯᠡᠬᠦ ᠤᠬᠠᠭᠠᠨᠴᠢ | ᠪᠤᠰᠤ᠂ ᠶᠠᠪᠤᠴᠠ ᠶᠢᠨ ᠴᠢᠨᠠᠷᠲᠠᠶ ᠮᠠᠲ᠋ᠧᠷᠢᠶᠠᠯ ᠳᠤᠲᠠᠭᠳᠠᠭᠰᠠᠨ ᠵᠡᠷᠭᠡ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠬᠤ | ᠱᠠᠭᠠᠷᠳᠠᠯᠭ᠎ᠠ ᠳᠤᠷᠠᠳᠤᠭᠰᠠᠨ ᠵᠢᠴᠢ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠪᠠ᠃ | ᠬᠤᠷᠠᠯ ᠠᠴᠠ᠂ ᠡᠯ᠎ᠡ ᠨᠢᠭᠡᠴᠡ ᠲᠣᠰ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠠᠩᠰᠠ ᠡᠪᠬᠡᠮᠡᠯ ᠢ ᠡᠭᠦᠳᠦᠨ ᠪᠠᠶᠢᠭᠤᠯᠬᠤ | ᠠᠵᠢᠯ ᠬᠢᠭᠡᠳ ᠪᠣᠳᠠᠲᠠᠶ ᠲᠤᠬᠠᠶᠢᠯᠠᠭᠰᠠᠨ ᠠᠵᠢᠯ ᠢ ᠵᠡᠷᠭᠡ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠠᠩᠰᠠ ᠡᠪᠬᠡᠮᠡᠯ ᠤᠨ ᠪᠠᠶᠢᠭᠤᠯᠤᠯᠲᠠ ᠶᠢ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠠᠵᠢᠯ ᠤᠨ ᠦᠷ᠎ᠡ ᠪᠦᠲᠦᠮᠵᠢ ᠶᠢ ᠲᠦᠭᠡᠮᠡᠯᠵᠢᠭᠦᠯᠬᠦ ᠴᠢᠬᠤᠯᠠ ᠠᠴᠢᠶᠠᠯᠠᠪᠤᠷᠢ | ᠪᠣᠯᠭᠠᠵᠤ᠂ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠰᠢᠰᠲ᠋ᠧᠮ ᠢ ᠴᠢᠩᠭ᠎ᠠ ᠬᠠᠷᠢᠴᠠᠭᠤᠯᠤᠨ᠂ ᠲᠦᠭᠡᠮᠡᠯ ᠬᠠᠷᠠᠭᠠᠯᠵᠠᠯ ᠤᠨ ᠲᠠᠩᠰᠠ ᠡᠪᠬᠡᠮᠡᠯ ᠢ ᠪᠥᠬᠦ ᠲᠠᠯ᠎ᠠ ᠪᠠᠷ | ᠡᠮᠬᠢᠯᠡᠨ ᠲᠦᠭᠡᠮᠡᠯᠵᠢᠭᠦᠯᠵᠦ᠂ ᠲᠠᠩᠰᠠ ᠡᠪᠬᠡᠮᠡᠯ ᠤᠨ ᠮᠠᠲ᠋ᠧᠷᠢᠶᠠᠯ ᠤᠨ ᠪᠦᠷᠢᠨ ᠪᠦᠲᠦᠨ ᠪᠥᠭᠡᠳ ᠵᠢᠷᠤᠮᠵᠢᠯ ᠲᠠᠢ᠂ ᠲᠤᠭ᠎ᠠ ᠪᠠᠷᠢᠮᠲᠠ ᠶᠢᠨ ᠣᠨᠣᠪᠴᠢᠲᠠᠶ ᠪᠥᠭᠡᠳ | ᠨᠠᠷᠢᠨ ᠪᠣᠳᠠᠲᠠᠶ ᠪᠠᠶᠢᠬᠤ ᠶᠢ ᠪᠠᠲᠤᠯᠠᠵᠤ᠂ ᠪᠠᠶᠢᠴᠠᠭᠠᠬᠤ ᠪᠠᠷ ᠥᠭᠡᠷᠡᠴᠢᠯᠡᠯᠲᠡ ᠶᠢ ᠠᠬᠢᠭᠤᠯᠵᠤ᠂ ᠥᠭᠡᠷᠡᠴᠢᠯᠡᠯᠲᠡ ᠪᠠᠷ ᠰᠢᠯᠢᠳᠡᠭ ᠢ ᠠᠬᠢᠭᠤᠯᠵᠤ᠂ ᠡᠯ᠎ᠡ ᠵᠦᠢᠯ ᠤᠨ | ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | | |