ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠴᠢᠳᠠᠪᠤᠷᠢ ᠶᠢᠨ ᠣᠨᠴᠠᠭᠠᠢ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠵᠦ ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠢ ᠡᠭᠦᠳᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/4/8
      4 ᠰᠠᠷ᠎ᠠ ᠶᠢᠨ 7 ᠤ ᠡᠳᠦᠷ᠂ ᠬᠤᠰᠢᠭᠤᠨ ᠤ ᠰᠣᠶᠣᠯ ᠤᠨ ᠣᠷᠳᠣᠨ ︵ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ︶ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠶᠢᠨ ᠣᠨᠴᠠᠭᠠᠢ ᠪᠣᠯᠪᠠᠰᠤᠷᠠᠯ ᠤᠨ ᠰᠢᠷᠢᠰ ᠠᠵᠢᠯᠯᠠᠭ᠎ᠠ ᠶᠢ ᠡᠷᠬᠢᠯᠡᠵᠦ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠬᠤ ᠳᠤ ᠬᠦᠴᠦᠨ ᠨᠡᠮᠡᠷᠢᠯᠡᠵᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠬᠥᠭᠵᠢᠭᠦᠯᠬᠦ ᠶᠢ ᠠᠬᠢᠭᠤᠯᠪᠠ᠃
4.8非物质1.jpg
      ᠪᠣᠯᠪᠠᠰᠤᠷᠠᠯ ᠳᠤ᠂ ᠪᠠᠭᠰᠢ ᠠᠴᠠ ᠪᠣᠳᠠᠰ ᠤᠨ ᠪᠤᠰᠤ ᠰᠣᠶᠣᠯ ᠤᠨ ᠥᠪ ᠤᠨ ᠵᠣᠬᠢᠶᠠᠯ ᠪᠦᠲᠦᠭᠡᠯ ᠤᠨ ᠲᠣᠭᠤᠷᠢᠨ ᠳᠤ ᠣᠯᠪᠣᠭ᠂ ᠳᠡᠷ᠎ᠡ ᠵᠡᠷᠭᠡ ᠡᠳᠦᠷ ᠲᠤᠲᠤᠮ ᠤᠨ ᠭᠡᠷ ᠤᠨ ᠬᠡᠷᠡᠭᠰᠡᠯ ᠬᠢᠬᠦ ᠤᠷ᠎ᠠ ᠮᠡᠷᠭᠡᠵᠢᠯ ᠢ ᠭᠤᠤᠯᠳᠠᠯᠭ᠎ᠠ ᠲᠠᠢ ᠲᠠᠶᠢᠯᠪᠤᠷᠢᠯᠠᠪᠠ᠃ ᠪᠦᠰ ᠮᠠᠲ᠋ᠧᠷᠢᠶᠠᠯ ᠢ ᠰᠢᠯᠢᠨ ᠰᠣᠩᠭᠤᠬᠤ᠂ ᠬᠠᠶᠢᠴᠢᠯᠠᠬᠤ ᠡᠰᠭᠡᠬᠦ ᠠᠷᠭ᠎ᠠ ᠶᠢᠨ ᠬᠡᠷᠡᠭᠯᠡᠯᠲᠡ ᠠᠴᠠ ᠠᠯᠬᠤᠮ ᠳᠠᠷᠠᠭ᠎ᠠ ᠨᠢᠭᠡᠪᠦᠷᠢ ᠶᠢ ᠬᠦᠯᠢᠴᠡᠩᠭᠦᠶ ᠪᠠᠷ ᠨᠠᠷᠢᠨ ᠨᠢᠮᠪᠠᠶ ᠲᠠᠶᠢᠯᠪᠤᠷᠢᠯᠠᠵᠤ᠂ ᠰᠤᠷᠤᠭᠴᠢᠳ ᠨᠠᠷᠢᠨ ᠬᠢᠨᠠᠮᠠᠭᠠᠶ ᠰᠣᠨᠣᠰᠴᠤ᠂ ᠲᠡᠮᠳᠡᠭᠯᠡᠯ ᠬᠢᠵᠦ᠂ ᠪᠣᠳᠠᠲᠠᠶ ᠠᠵᠢᠯᠯᠠᠭ᠎ᠠ ᠳᠤᠮᠳᠠ ᠪᠠᠨ ᠣᠶᠣᠬᠤ ᠠᠷᠭ᠎ᠠ ᠶᠢ ᠲᠠᠰᠤᠷᠠᠯᠲᠠ ᠥᠬᠡᠶ ᠪᠣᠯᠪᠠᠰᠤᠷᠠᠵᠤ᠂ ᠰᠠᠨᠠᠭᠠᠴᠢᠯᠠᠭ᠎ᠠ ᠠᠴᠠ ᠪᠠᠨ ᠰᠣᠯᠢᠯᠴᠠᠨ ᠶᠠᠷᠢᠯᠴᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠠᠯᠬᠤᠮ ᠨᠢᠭᠡᠪᠦᠷᠢ ᠳᠤ ᠠᠭᠤᠰᠬᠠᠨ ᠣᠷᠣᠭᠤᠯᠪᠠ᠃
4.8非物质4.jpg
      ᠲᠣᠰ ᠤᠳᠠᠭᠠᠨ ᠤ ᠪᠣᠯᠪᠠᠰᠤᠷᠠᠯ ᠤᠨ ᠠᠩᠭᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠬᠤᠰᠢᠭᠤᠨ ᠤ ᠰᠣᠶᠣᠯ ᠤᠨ ᠣᠷᠳᠣᠨ ᠪᠣᠯᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ ᠠᠴᠠ ᠭᠤᠤᠯᠯᠠᠨ ᠡᠷᠭᠢᠯᠡᠵᠦ᠂ ᠪᠠᠷᠭᠤ ᠭᠤᠸ᠎ᠠ ᠵᠠᠰᠠᠯ ᠤᠨ ᠨᠡᠶᠢᠭᠡᠮᠯᠢᠭ ᠬᠠᠮᠵᠢᠯᠴᠠᠨ ᠡᠷᠭᠢᠯᠡᠵᠦ ᠂ ᠰᠤᠷᠤᠭᠴᠢᠳ ᠢ ᠬᠥᠲᠥᠯᠦᠨ ᠵᠢᠯᠣᠭᠤᠳᠴᠤ ᠵᠣᠬᠢᠶᠠᠨ ᠪᠦᠲᠦᠭᠡᠵᠦ ᠦᠢᠯᠡᠳᠦᠯᠭᠡᠵᠢᠭᠦᠯᠬᠦ ᠪᠠᠷ ᠳᠠᠮᠵᠢᠭᠤᠯᠤᠨ᠂ ᠤᠯᠠᠮᠵᠢᠯᠠᠯᠲᠤ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠢ ᠣᠲᠣ ᠦᠶ᠎ᠡ ᠶᠢᠨ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠪᠠ᠃ ᠣᠶᠢᠯᠠᠭᠠᠭᠰᠠᠨ ᠢᠶᠠᠷ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠰᠢᠷᠢᠰ ᠠᠵᠢᠯᠯᠠᠭ᠎ᠠ ᠨᠠᠢᠮᠠᠳᠤᠭᠠᠷ ᠰᠠᠷ᠎ᠠ ᠶᠢᠨ ᠬᠤᠷᠢᠳ ᠢᠶᠠᠷ ᠦᠷᠭᠦᠯᠵᠢᠯᠡᠵᠦ᠂ ᠳᠠᠷᠠᠭᠠᠴᠢ ᠪᠠᠷ ᠣᠲᠣ ᠦᠶ᠎ᠡ ᠶᠢᠨ ᠮᠣᠩᠭᠤᠯ ᠬᠤᠪᠴᠠᠰᠤ ᠣᠶᠣᠬᠤ᠂ ᠮᠣᠩᠭᠤᠯ ᠲᠡᠷᠯᠢᠭ ᠡᠰᠬᠡᠬᠦ᠂ ᠨᠣᠣᠰᠣᠨ ᠳᠡᠭᠡᠰᠦ ᠶᠢᠨ ᠤᠷ᠎ᠠ ᠮᠡᠷᠭᠡᠵᠢᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠪᠣᠯᠪᠠᠰᠤᠷᠠᠯ ᠢ ᠥᠷᠨᠢᠭᠦᠯᠵᠦ᠂ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠪᠠ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠵᠡᠷᠭᠡ ᠪᠠᠷ ᠶᠠᠪᠤᠭᠳᠠᠭᠤᠯᠵᠤ᠂ ᠠᠮᠢᠳᠤᠯᠢᠭ ᠤᠯᠠᠮᠵᠢᠯᠠᠯ ᠪᠠ ᠰᠢᠨ᠎ᠡ ᠶᠢ ᠡᠭᠦᠳᠦᠨ ᠬᠥᠭᠵᠢᠬᠦ ᠶᠢ ᠵᠡᠷᠭᠡ ᠪᠠᠷ ᠠᠬᠢᠭᠤᠯᠬᠤ ᠪᠣᠯᠤᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ