4 ᠰᠠᠷ᠎ᠠ ᠶᠢᠨ 10 ᠤ ᠰᠥᠨᠢ ᠠᠴᠠ 11 ᠤ ᠰᠥᠨᠢ ᠪᠣᠯᠲᠠᠯ᠎ᠠ ᠮᠠᠨ ᠤ ᠬᠤᠰᠢᠭᠤᠨ ᠳᠤ ᠴᠠᠰᠤ ᠪᠣᠷᠣᠭᠠᠨ ᠬᠤᠯᠢᠯᠳᠤᠨ ᠣᠷᠣᠵᠤ᠂ ᠶᠡᠭᠡ ᠰᠠᠯᠬᠢ ᠰᠠᠯᠬᠢᠯᠠᠵᠤ᠂ | ᠠᠭᠠᠷ ᠤᠨ ᠳᠤᠯᠠᠭᠠᠨ ᠳᠣᠷᠣᠭᠰᠢᠯᠠᠵᠤ᠂ ᠪᠠᠭ᠎ᠠ ᠬᠡᠮᠵᠢᠶ᠎ᠡ ᠪᠠᠷ ᠰᠢᠭᠤᠷᠭᠠᠯᠠᠵᠤ᠂ ᠪᠦᠭᠦ ᠬᠤᠰᠢᠭᠤᠨ ᠤ ᠠᠭᠠᠷ ᠤᠨ ᠳᠤᠯᠠᠭᠠᠨ 6 ᠠᠴᠠ 10 ᠭᠷᠡᠳᠦ᠋ᠰ | ᠳᠣᠷᠣᠭᠰᠢᠯᠠᠨ᠎ᠠ᠃ | ᠰᠢᠷᠦᠭᠦᠨ ᠴᠠᠰᠤ ᠪᠣᠷᠣᠭᠠᠨ ᠣᠷᠣᠬᠤ ᠬᠤᠭᠤᠴᠠᠭ᠎ᠠ ᠨᠢ ᠭᠤᠣᠯᠳᠠᠭᠤ 4 ᠰᠠᠷ᠎ᠠ ᠶᠢᠨ 11 ᠤ ᠡᠳᠦᠷ᠃ | 4 ᠰᠠᠷ᠎ᠠ ᠶᠢᠨ 10 ᠤ ᠰᠥᠨᠢ ᠠᠴᠠ 11 ᠤ ᠡᠳᠦᠷ ᠪᠣᠯᠲᠠᠯ᠎ᠠ ᠴᠠᠰᠤ ᠪᠣᠷᠣᠭᠠᠨ ᠬᠤᠯᠢᠯᠳᠤᠵᠤ᠂ 11 ᠤ ᠣᠷᠣᠢ ᠴᠠᠰᠤ ᠣᠷᠣᠨ᠎ᠠ᠃ | ᠬᠤᠷ᠎ᠠ ᠲᠤᠨᠳᠠᠰᠤᠨ ᠤ ᠬᠡᠮᠵᠢᠶ᠎ᠡ 2.5 ~ 9.9 ᠮᠢᠯᠢᠮᠧᠲᠷ ᠲᠤ ᠬᠦᠷᠦᠨ᠎ᠡ᠃ ᠰᠢᠨ᠎ᠡ ᠪᠠᠷ ᠨᠡᠮᠡᠭᠳᠡᠭᠰᠡᠨ ᠴᠠᠰᠤᠨ ᠤ ᠬᠡᠮᠵᠢᠶ᠎ᠡ ᠨᠢ ᠬᠠᠮᠤᠭ ᠶᠡᠭᠡ ᠳᠡᠭᠡᠨ | 4~6 ᠰᠠᠨᠲ᠋ᠢᠮᠧᠲᠷ ᠲᠤ ᠬᠦᠷᠦᠨ᠎ᠡ᠃ | ᠬᠤᠶᠢᠨ᠎ᠠ ᠠᠴᠠ 6~7 ᠳᠡᠰ ᠤᠨ ᠰᠠᠯᠬᠢ ᠰᠠᠯᠬᠢᠯᠠᠵᠤ᠂ ᠬᠡᠰᠡᠭ ᠲᠡᠭᠡᠨ ᠰᠢᠭᠤᠷᠭᠠᠯᠠᠨᠠ︔ ᠠᠭᠠᠷ ᠤᠨ ᠳᠤᠯᠠᠭᠠᠨ 8 ~ 10 ᠭᠷᠡᠳᠦ᠋ᠰ ᠳᠣᠷᠣᠭᠰᠢᠯᠠᠨ᠎ᠠ᠃ | ᠨᠥᠯᠥᠭᠡ ᠬᠢᠭᠡᠳ ᠰᠠᠨᠠᠭᠤᠯᠤᠮᠵᠢ᠄ | ᠡᠨᠡ ᠤᠳᠠᠭ᠎ᠠ ᠶᠢᠨ ᠴᠠᠭ ᠠᠭᠤᠷ ᠤᠨ ᠬᠤᠪᠢᠷᠠᠯᠲᠠ ᠨᠢ ᠪᠦᠭᠦ ᠬᠤᠰᠢᠭᠤ ᠶᠢ ᠨᠥᠯᠥᠭᠡᠯᠡᠵᠦ᠂ ᠴᠠᠰᠤ ᠪᠣᠷᠣᠭᠠᠨ ᠬᠤᠯᠢᠯᠳᠤᠵᠤ᠂ ᠶᠡᠭᠡ ᠰᠠᠯᠬᠢᠨ ᠠᠴᠠ ᠪᠣᠯᠵᠤ | ᠰᠢᠭᠤᠷᠭᠠᠯᠠᠵᠤ᠂ ᠦᠵᠡᠭᠳᠡᠴᠡ ᠶᠢᠨ ᠬᠡᠮᠵᠢᠶ᠎ᠡ ᠳᠣᠣᠷ᠎ᠠ᠂ ᠵᠠᠮ ᠳᠡᠭᠡᠷ᠎ᠡ ᠮᠥᠰᠥ ᠬᠥᠯᠳᠡᠬᠦ ᠪᠠ ᠴᠠᠰᠤ ᠬᠤᠷᠠᠵᠤ᠂ ᠵᠠᠮ ᠲᠡᠭᠡᠭᠡᠪᠦᠷᠢ ᠳᠤ ᠨᠡᠯᠢᠶᠡᠳ ᠶᠡᠭᠡ ᠨᠥᠯᠥᠭᠡ | ᠦᠵᠡᠭᠦᠯᠬᠦ ᠪᠣᠯᠣᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠶᠢᠨ ᠬᠠᠮᠲᠤ ᠵᠠᠮ ᠬᠠᠷᠢᠯᠴᠠᠭᠠᠨ ᠤ | ᠬᠠᠮᠢᠶᠠᠷᠤᠯᠲᠠ ᠶᠢ ᠴᠢᠩᠭᠠᠳᠬᠠᠵᠤ᠂ ᠮᠥᠰᠥ ᠴᠠᠰᠤ ᠶᠢ ᠴᠡᠪᠡᠷᠯᠡᠬᠦ ᠠᠵᠢᠯ ᠢ ᠴᠠᠭ ᠲᠤᠬᠠᠢ ᠳᠤᠨᠢ ᠰᠠᠶᠢᠲᠤᠷ ᠬᠢᠬᠦ ᠬᠡᠷᠡᠭᠲᠡᠢ᠃ ᠶᠡᠭᠡ ᠰᠠᠯᠬᠢᠨ ᠤ ᠨᠥᠯᠥᠭᠡ ᠬᠦᠷᠲᠡᠬᠦ | ᠭᠠᠵᠠᠷ ᠣᠷᠣᠨ ᠲᠦᠷ ᠴᠠᠭ ᠤᠨ ᠪᠠᠷᠢᠯᠭ᠎ᠠ᠂ ᠪᠡᠯᠡᠳᠭᠡᠮᠵᠢᠳᠤ ᠲᠠᠷᠢᠶᠠᠯᠠᠩ᠂ ᠮᠠᠯ ᠤᠨ ᠬᠠᠰᠢᠶ᠎ᠠ ᠰᠠᠷᠠᠪᠴᠢ ᠵᠡᠷᠭᠡ ᠶᠢ ᠰᠠᠯᠬᠢᠨ ᠠᠴᠠ ᠪᠠᠬᠢᠯᠡᠬᠦ ᠠᠵᠢᠯ ᠢ ᠰᠠᠶᠢᠲᠤᠷ | ᠬᠢᠬᠦ ᠬᠡᠷᠡᠭᠲᠡᠢ᠃ ᠠᠭᠠᠷ ᠤᠨ ᠳᠤᠯᠠᠭᠠᠨ ᠳᠣᠷᠣᠭᠰᠢᠯᠠᠪᠠᠯ ᠲᠥᠯ ᠮᠠᠯ ᠪᠠ ᠲᠥᠬᠦᠭᠡᠷᠦᠮᠵᠢᠲᠦ ᠲᠠᠷᠢᠶᠠᠯᠠᠩ ᠳᠤ ᠠᠰᠢᠭ ᠦᠭᠡᠢ ᠨᠥᠯᠥᠭᠡ ᠦᠵᠡᠭᠦᠯᠬᠦ ᠲᠤᠯᠠ | ᠰᠡᠷᠭᠡᠶᠢᠯᠡᠯᠲᠡ ᠶᠢ ᠴᠢᠩᠭᠠᠳᠬᠠᠬᠤ ᠬᠡᠷᠡᠭᠲᠡᠢ᠃ ᠣᠯᠠᠨ ᠲᠦᠮᠡᠨ ᠭᠠᠳᠠᠭᠰᠢ ᠭᠠᠷᠬᠤ ᠳᠤ ᠪᠠᠨ ᠬᠤᠪᠴᠠᠰᠤ ᠬᠤᠨᠠᠷ ᠢᠶᠠᠨ ᠳᠤᠯᠠᠭᠠᠯᠠᠬᠤ ᠪᠠ ᠵᠠᠮ ᠬᠠᠷᠢᠯᠴᠠᠭᠠᠨ ᠤ | ᠠᠮᠤᠷ ᠲᠦᠪᠰᠢᠨ ᠢ ᠠᠩᠬᠠᠷᠬᠤ ᠬᠡᠷᠡᠭᠲᠡᠢ᠃ ᠡᠭᠦᠨ ᠠᠴᠠ ᠭᠠᠳᠠᠨ᠎ᠠ᠂ ᠪᠣᠷᠣᠭᠠᠨ ᠴᠠᠰᠤ ᠲᠠᠢ ᠴᠠᠭ ᠠᠭᠤᠷ ᠨᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ | ᠲᠠᠰ ᠢ ᠪᠠᠭᠤᠷᠠᠭᠤᠯᠵᠤ᠂ ᠬᠥᠷᠥᠰᠥ ᠰᠢᠷᠣᠢ ᠶᠢᠨ ᠴᠢᠭᠢᠭᠯᠢᠭ ᠪᠠᠶᠢᠳᠠᠯ ᠢ ᠰᠠᠶᠢᠵᠢᠷᠠᠭᠤᠯᠬᠤ ᠳᠤ ᠲᠤᠶᠢᠯ ᠤᠨ ᠠᠰᠢᠭᠲᠠᠢ ᠪᠠᠶᠢᠳᠠᠭ᠃ | | | ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠲᠣᠪᠴᠢᠶ᠎ᠠ | 2025 ᠣᠨ ᠤ 4 ᠰᠠᠷ᠎ᠠ ᠶᠢᠨ 9 ᠤ ᠡᠳᠦᠷ | |