4 ᠰᠠᠷ᠎ᠠ ᠶᠢᠨ 8 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ | ᠬᠤᠷᠢᠶᠠᠨ ᠤ ᠱᠦᠵᠢ ᠪᠦᠬᠡᠪᠠᠶᠠᠷ ᠰᠢᠨ᠎ᠡ ᠪᠠᠷᠭᠤ ᠪᠠᠷᠠᠭᠤᠨ ᠬᠤᠰᠢᠭᠤᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ | ᠰᠢᠰᠲ᠋ᠧᠮ ᠲᠠᠢ ᠰᠢᠢᠳᠪᠦᠷᠢᠯᠡᠵᠦ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠠᠵᠢᠯ ᠤᠨ ᠵᠢᠯᠣᠭᠤᠳᠬᠤ | ᠭᠠᠵᠠᠷ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ᠂ ᠡᠯ᠎ᠡ ᠰᠤᠮᠤ ᠪᠠᠯᠭᠠᠰᠤ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠭᠰᠡᠨ | ᠪᠠᠶᠢᠳᠠᠯ ᠢᠶᠠᠨ ᠬᠠᠷᠢᠭᠤ ᠮᠡᠳᠡᠭᠦᠯᠵᠦ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠥᠯᠥᠨ ᠪᠤᠶᠢᠷ ᠬᠤᠲᠠ ᠶᠢᠨ ᠬᠡᠯᠪᠡᠷᠢ ᠶᠢ ᠬᠤᠪᠢᠷᠠᠭᠤᠯᠤᠨ ᠲᠠᠰ | ᠳᠡᠪᠰᠢᠭᠦᠯᠬᠦ 12 ᠳᠠᠭᠠᠯᠲᠠ ᠲᠥᠰᠦᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ᠃ | ᠪᠦᠬᠡᠪᠠᠶᠠᠷ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ᠂ ᠵᠢᠯᠣᠭᠤᠳᠬᠤ ᠭᠠᠵᠠᠷ ᠤᠨ ᠡᠯ᠎ᠡ | ᠠᠵᠢᠯᠯᠠᠬᠤ ᠳᠤᠭᠤᠶᠢᠯᠠᠩ ᠦᠵᠡᠯ ᠰᠠᠨᠠᠭ᠎ᠠ ᠪᠠᠨ ᠨᠢᠭᠡᠳᠬᠡᠨ᠂ ᠢᠲᠡᠭᠡᠯ ᠵᠣᠷᠢᠭ ᠢᠶᠠᠨ ᠪᠠᠲᠤᠳᠬᠠᠵᠤ᠂ ᠬᠤᠲᠠ ᠶᠢᠨ ᠱᠠᠲᠤᠨ ᠤ ᠬᠡᠯᠪᠡᠷᠢ ᠶᠢ ᠬᠤᠪᠢᠷᠠᠭᠤᠯᠤᠨ ᠲᠠᠰ | ᠳᠡᠪᠰᠢᠭᠦᠯᠬᠦ ᠶᠡᠷᠦᠩᠬᠡᠶ ᠲᠥᠰᠦᠯ ᠵᠢᠴᠢ ᠬᠤᠪᠢᠶᠠᠷᠢ ᠲᠥᠰᠦᠯ ᠢ ᠪᠥᠬᠦ ᠲᠠᠯ᠎ᠠ ᠪᠠᠷ ᠤᠶᠢᠯᠠᠭᠠᠨ ᠡᠵᠡᠮᠰᠢᠵᠦ᠂ ᠬᠤᠷᠳᠤᠴᠠ ᠪᠠᠨ ᠳᠡᠭᠡᠭᠰᠢᠯᠡᠭᠦᠯᠦᠨ ᠦᠷ᠎ᠡ | ᠪᠦᠲᠦᠮᠵᠢ ᠪᠠᠨ ᠳᠡᠭᠡᠭᠰᠢᠯᠡᠭᠦᠯᠵᠦ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ︽ᠮᠠᠩᠯᠠᠢ︾᠂ ︽ᠲᠤᠯᠤᠭᠠᠨ ᠲᠣᠰᠬᠤᠨ︾ ᠤ 2. | 0 ᠲᠠᠰ ᠳᠡᠪᠰᠢᠭᠰᠡᠨ ᠵᠠᠭᠪᠤᠷ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠲᠣᠰ ᠭᠠᠵᠠᠷ ᠣᠷᠣᠨ ᠤ ᠨᠡᠶᠢᠲᠡᠯᠢᠭ ᠬᠡᠪ ᠵᠠᠭᠪᠤᠷ ᠢ ᠳ᠋ᠦᠩᠨᠡᠨ ᠪᠣᠯᠪᠠᠰᠤᠷᠠᠭᠤᠯᠬᠤ ᠶᠢᠨ | ᠬᠠᠮᠲᠤ ᠳ᠋ᠦᠩᠨᠡᠨ ᠳᠡᠯᠭᠡᠷᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ︽ᠭᠤᠷᠪᠠ ᠶᠢ ᠨᠢᠭᠡ ᠴᠤᠬᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠵᠦ᠂ ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠬᠤ ᠬᠡᠷᠡᠭᠲᠡᠢ᠃ ᠤᠯᠠᠮᠵᠢᠯᠠᠯᠲᠤ | ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠨᠢᠭᠡᠳᠦᠯᠲᠡᠢ ᠲᠥᠯᠥᠪᠵᠢᠭᠦᠯᠵᠦ᠂ ᠲᠠᠯ᠎ᠠ ᠨᠤᠲᠤᠭ ᠤᠨ ᠭᠦᠨ ᠳᠠᠬᠢ ᠵᠢᠭᠤᠯᠴᠢᠯᠠᠯ ᠤᠨ ᠣᠶᠢᠯᠠᠭᠠᠯᠲᠠ ᠶᠢ ᠴᠢᠩᠭᠠᠳᠬᠠᠵᠤ᠂ ᠮᠠᠯᠵᠢᠬᠤ ᠡᠷᠦᠬᠡ ᠶᠢ ᠳᠠᠶᠢᠴᠢᠯᠠᠨ | ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠢ᠃ ᠬᠦᠴᠦᠲᠡᠶ ᠠᠬᠢᠭᠤᠯᠬᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ | ᠰᠤᠷᠤᠯᠴᠠᠯᠭ᠎ᠠ ᠶᠢ ᠴᠢᠩᠭᠠᠳᠬᠠᠨ᠂ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠭᠤᠤᠯ ᠴᠣᠭᠴᠠ ᠶᠢᠨ ᠦᠢᠯᠡᠳᠦᠯ ᠢ | ᠭᠦᠢᠴᠡᠳ ᠪᠠᠳᠠᠷᠠᠭᠤᠯᠤᠨ᠂ ︽ᠭᠤᠷᠪᠠᠨ ᠰᠤᠷᠤᠭᠴᠢ ᠬᠤᠯᠪᠣᠭᠠᠯᠠᠨ ᠬᠥᠳᠡᠯᠦᠯᠴᠡᠬᠦ︾ ᠬᠠᠮᠵᠢᠯᠴᠠᠨ ᠬᠥᠭᠵᠢᠬᠦ ᠶᠢ ᠪᠥᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ ᠭᠡᠵᠦ | ᠱᠠᠭᠠᠷᠳᠠᠪᠠ᠃ | ᠪᠦᠬᠡᠪᠠᠶᠠᠷ᠂ ᠳᠡᠭᠡᠳᠦ ᠱᠠᠲᠤᠨ ᠤ ᠤᠢ ᠰᠢᠭᠤᠢ ᠨᠤᠲᠤᠭ ᠪᠡᠯᠴᠢᠭᠡᠷ ᠢ ᠰᠦᠢᠳᠬᠡᠬᠦ ᠳᠤ ᠴᠣᠬᠢᠯᠲᠠ ᠥᠭᠬᠦ ᠠᠵᠢᠯ ᠤᠨ ᠲᠤᠬᠠᠢ ᠵᠢᠭᠠᠪᠤᠷᠢ ᠱᠠᠭᠠᠷᠳᠠᠯᠭ᠎ᠠ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠠᠰᠠᠭᠤᠳᠠᠯ ᠢ ᠰᠢᠢᠳᠪᠦᠷᠢᠯᠡᠬᠦ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠴᠢᠩᠭᠠᠷᠠᠭᠤᠯᠵᠤ᠂ ᠤᠯᠠᠨ ᠠᠷᠭ᠎ᠠ ᠬᠡᠮᠵᠢᠶ᠎ᠡ ᠪᠠᠷ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠤ ᠤᠬᠠᠭᠤᠯᠭ᠎ᠠ᠂ | ᠠᠮᠢ ᠠᠬᠤᠢ ᠶᠢᠨ ᠬᠠᠤᠯᠢ ᠬᠡᠷᠡᠭᠵᠢᠭᠦᠯᠦᠯᠲᠡ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠷᠢᠭᠤᠴᠠᠯᠭ᠎ᠠ ᠶᠢ ᠱᠠᠲᠤ ᠱᠠᠲᠤ ᠪᠠᠷ | ᠪᠣᠳᠠᠲᠠᠶᠢᠵᠢᠭᠤᠯᠵᠤ᠂ ︽ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠰᠤᠮᠤ ᠪᠠᠯᠭᠠᠰᠤᠨ ᠤ ᠤᠳᠤᠷᠢᠳᠤᠯᠭ᠎ᠠ ᠪᠣᠳᠠᠲᠠᠶ | ᠠᠳᠬᠤᠬᠤ᠂ ᠭᠠᠴᠠᠭᠠᠨ ᠤ ᠺᠠᠳ᠋ᠷ ᠨᠢᠭᠡᠳᠦᠭᠡᠷ ᠹᠷᠣᠨᠲ ᠲᠤ ᠠᠳᠬᠤᠬᠤ︾ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠤᠨ | ᠤᠷᠤᠭᠰᠢᠲᠠᠶ ᠶᠠᠪᠤᠭᠳᠠᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃ ᠴᠢᠳᠠᠪᠤᠷᠢᠲᠠᠨ᠂ ᠭᠠᠵᠠᠷ ᠰᠢᠷᠣᠢ ᠶᠢᠨ ᠵᠠᠩᠭᠢᠯᠠᠭ᠎ᠠ ᠶᠢᠨ ᠭᠤᠭᠴᠤᠭ᠎ᠠ ᠶᠢᠨ | ᠵᠠᠩᠭᠢᠯᠠᠭ᠎ᠠ ᠶᠢᠨ ᠡᠯᠧᠮᠧᠨ᠋ᠲ ᠲᠤ ᠠᠩᠬᠠᠷᠤᠯ ᠢᠶᠠᠨ ᠲᠥᠪᠯᠡᠷᠡᠭᠦᠯᠵᠦ᠂ ᠨᠤᠲᠤᠭ ᠪᠡᠯᠴᠢᠭᠡᠷ ᠤᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢ ᠤᠷᠲᠤᠳᠬᠠᠬᠤ | ᠠᠵᠢᠯ ᠢ ᠰᠠᠶᠢᠲᠤᠷ ᠬᠢᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ︽ᠨᠢᠭᠡ ᠵᠢᠷᠤᠭ︾᠂ ︽ᠨᠢᠭᠡ ᠲᠣᠣᠷ︾ ᠢ ᠪᠦᠬᠦ ᠲᠠᠯ᠎ᠠ ᠪᠠᠷ ᠠᠬᠢᠭᠤᠯᠵᠤ᠂ | ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠴᠢᠨᠠᠭᠰᠢᠳᠠ | ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ᠂ ᠡᠯ᠎ᠡ ᠰᠤᠮᠤ ᠪᠠᠯᠭᠠᠰᠤ ︽ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ | ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠥᠰᠥᠭ ᠵᠢᠷᠤᠪᠠ᠃ | | |