ᠪᠥᠬᠦ ᠬᠤᠰᠢᠭᠤᠨ ᠤ ᠪᠡᠯᠴᠢᠭᠡᠷ ᠤᠨ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢ ᠤᠷᠲᠤᠳᠬᠠᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠵᠢᠴᠢ ᠣᠶ ᠰᠢᠭᠤᠶ ᠨᠤᠲᠤᠭ ᠪᠡᠯᠴᠢᠭᠡᠷ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/9
      4 ᠰᠠᠷ᠎ᠠ ᠶᠢᠨ 8 ᠤ ᠡᠳᠦᠷ᠂ ᠮᠠᠨ ᠤ ᠬᠤᠰᠢᠭᠤ ᠪᠡᠯᠴᠢᠭᠡᠷ ᠤᠨ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢ ᠤᠷᠲᠤᠳᠬᠠᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠵᠢᠴᠢ ᠣᠶ ᠰᠢᠭᠤᠶ ᠨᠤᠲᠤᠭ ᠪᠡᠯᠴᠢᠭᠡᠷ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠬᠠᠨ ᠶᠦᠩ ᠯᠢ ᠬᠤᠷᠠᠯ ᠳᠤ ᠣᠷᠣᠯᠴᠠᠪᠠ᠃      ᠬᠤᠷᠠᠯ ᠠᠴᠠ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠰᠤᠮᠤ ᠪᠠᠯᠭᠠᠰᠤᠨ ᠤ ᠬᠠᠮᠢᠶ᠎ᠠ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠠᠨ ᠶᠦᠩ ᠯᠢ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ︽ᠥᠴᠦᠬᠡᠨ ᠴᠦ ᠠᠭᠤᠴᠢᠯᠠᠬᠤ ᠥᠬᠡᠶ︾ ᠣᠪᠣᠷ ᠢᠶᠠᠷ ᠣᠶ ᠰᠢᠭᠤᠶ ᠨᠤᠲᠤᠭ ᠪᠡᠯᠴᠢᠭᠡᠷ ᠢ ᠡᠪᠳᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠶ᠃ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠬᠠᠮᠵᠢᠯᠴᠠᠬᠤ ᠲᠣᠭᠲᠠᠴᠠ ᠶᠢ ᠪᠦᠷᠢᠨᠰᠢᠬᠦᠯᠦᠨ᠂ ᠲᠤᠰᠬᠠᠶ ᠠᠵᠢᠯᠯᠠᠬᠤ ᠠᠩᠭᠢ ᠪᠠᠶᠢᠭᠤᠯᠤᠨ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ ᠶᠢᠨ ᠬᠠᠮᠲᠤ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠪᠣᠳᠠᠲᠠᠶᠢᠵᠢᠭᠤᠯᠬᠤ ᠬᠡᠷᠡᠭᠲᠡᠶ᠃ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠪᠠᠷ ᠳᠠᠮᠵᠢᠨ ᠠᠵᠢᠯ ᠤᠨ ᠬᠠᠮᠲᠤᠷᠠᠯ ᠬᠦᠴᠦᠨ ᠢ ᠪᠣᠶ ᠪᠣᠯᠭᠠᠵᠤ᠂ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠲᠣᠭᠲᠠᠭᠤᠨ ᠴᠢᠨᠠᠷ ᠪᠠ ᠦᠷᠭᠦᠯᠵᠢᠯᠡᠬᠦ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ