ᠤᠯᠤᠰ ᠤᠨ ᠨᠥᠬᠦᠪᠦᠷᠢ ᠨᠦᠭᠦᠳ ᠢ ᠲᠠ ᠭᠤᠶᠤᠴᠢᠯᠠᠭᠰᠠᠨ ᠦᠦ︖
ᠨᠡᠶᠢᠲᠡᠯᠡᠭᠰᠡᠨ ᠴᠠᠭ᠄
2025/4/9
      ᠡᠨᠡ ᠵᠢᠯ ᠠᠴᠠ ᠨᠠᠭᠠᠰᠢ᠂ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠪᠡᠯᠡ ᠮᠥᠩᠭᠦ ᠶᠢ 3000 ᠳ᠋ᠦᠩᠰᠢᠭᠤᠷ ᠲᠥᠭᠦᠷᠢᠭ ᠪᠣᠯᠲᠠᠯ᠎ᠠ ᠶᠡᠭᠡ ᠪᠠᠷ ᠨᠡᠮᠡᠭᠳᠡᠭᠦᠯᠵᠦ᠂ ᠵᠦᠢᠯᠡᠰ ᠵᠢᠴᠢ ᠨᠦᠬᠦᠪᠦᠷᠢᠯᠡᠬᠦ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠬᠦ ᠶᠢ ᠳᠡᠮᠵᠢᠪᠡ᠃      ᠭᠡᠷ ᠤᠨ ᠴᠠᠬᠢᠯᠭᠠᠨ ᠬᠡᠷᠡᠭᠰᠡᠯ ᠳ᠋ᠢᠭᠢᠲ ᠦᠢᠯᠡᠳᠬᠦᠨ ᠪᠦᠷᠢ ᠳᠤ ᠬᠠᠮᠤᠭ ᠶᠡᠭᠡ ᠳᠤ ᠪᠠᠨ 2000 ᠲᠥᠭᠦᠷᠢᠭ ᠨᠦᠬᠦᠪᠦᠷᠢᠯᠡᠵᠦ᠂ ᠭᠠᠷ ᠤᠲᠠᠰᠤᠨ ᠤ ᠳ᠋ᠢᠭᠢᠲ ᠦᠢᠯᠡᠳᠬᠦᠨ ᠪᠦᠷᠢ ᠳᠤ ᠬᠠᠮᠤᠭ ᠶᠡᠭᠡ ᠳᠤ ᠪᠠᠨ 500 ᠲᠥᠭᠦᠷᠢᠭ ᠨᠦᠬᠦᠪᠦᠷᠢᠯᠡᠨ᠂ ᠬᠠᠭᠤᠴᠢᠨ ᠮᠠᠰᠢᠨ ᠲᠡᠷᠭᠡ ᠪᠠᠨ ᠬᠤᠳᠠᠯᠳᠤᠵᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠮᠠᠰᠢᠨ ᠲᠡᠷᠭᠡ ᠪᠦᠷᠢ ᠳᠤ ᠬᠠᠮᠤᠭ ᠶᠡᠭᠡ ᠳᠤ ᠪᠠᠨ 1.5 ᠲᠦᠮᠡᠨ ᠲᠥᠭᠦᠷᠢᠭ ᠨᠦᠬᠦᠪᠦᠷᠢᠯᠡᠨ᠎ᠡ︕      ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠪᠠᠰᠠ ᠨᠥᠬᠦᠪᠦᠷᠢ ᠲᠠᠢ︕      ᠣᠳᠣ ᠪᠠᠷ ᠢᠶᠠᠨ ᠰᠢᠨ᠎ᠡ ᠶᠢ ᠰᠣᠯᠢᠪᠠᠯ ᠮᠠᠰᠢ ᠶᠡᠭᠡ ᠬᠠᠷᠠᠭᠠᠯᠵᠠᠯ ᠬᠦᠷᠲᠡᠨ᠎ᠡ︕      ᠭᠠᠷ ᠤᠲᠠᠰᠤ ᠬᠠᠪᠲᠠᠭᠠᠢ ᠺᠣᠮᠫᠢᠦ᠋ᠲ᠋ᠧᠷ ᠵᠡᠷᠭᠡ ᠳ᠋ᠢᠭᠢᠲ ᠦᠢᠯᠡᠳᠬᠦᠨ᠂ ᠭᠡᠷ ᠤᠨ ᠴᠠᠬᠢᠯᠭᠠᠨ ᠬᠡᠷᠡᠭᠰᠡᠯ ᠢ ᠰᠢᠨ᠎ᠡ ᠪᠠᠷ ᠰᠣᠯᠢᠪᠠᠯ ᠳᠠᠷᠠᠭᠠᠴᠢ ᠶᠢᠨ ᠵᠦᠢᠯᠡᠰ ᠢ ᠠᠩᠬᠠᠷᠤᠭᠠᠷᠠᠢ      ᠭᠠᠷ ᠤᠲᠠᠰᠤ ᠵᠡᠷᠭᠡ ᠳ᠋ᠢᠭᠢᠲ ᠦᠢᠯᠡᠳᠬᠦᠨ ᠤ ᠰᠢᠨ᠎ᠡ ᠶᠢ ᠬᠤᠳᠠᠯᠳᠤᠨ ᠠᠪᠬᠤ ᠵᠢᠴᠢ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠬᠤᠷᠢᠶᠠᠩᠭᠤᠢ
4.14解读1.png
      ᠵᠢᠵᠢᠭ ᠫᠷᠣᠭ᠍ᠷᠠᠮ ᠢᠶᠠᠷ ᠯᠠᠪᠯᠠᠭᠠᠷᠠᠢ      ᠭᠤᠶᠤᠴᠢᠯᠠᠨ ᠠᠪᠬᠤ ᠠᠷᠭ᠎ᠠ᠄      1. ᠬᠡᠷᠡᠭᠴᠡᠭᠡ ᠪᠠᠨ ᠦᠨᠳᠦᠰᠦᠯᠡᠵᠦ᠂ ᠭᠠᠷ ᠤᠲᠠᠰᠤ ᠵᠡᠷᠭᠡ ᠳ᠋ᠢᠭᠢᠲ ᠦᠢᠯᠡᠳᠬᠦᠨ ᠤ ᠰᠢᠨ᠎ᠡ ᠶᠢ ᠬᠤᠳᠠᠯᠳᠤᠨ ᠠᠪᠬᠤ ᠪᠤᠶᠤ ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠳᠠᠷᠤᠪᠴᠢ ᠶᠢ ᠰᠤᠩᠭᠤᠨ᠎ᠠ᠃
4.14解读2.jpg
4.14解读3.jpg
      2. ᠲᠠᠨ ᠤ ᠪᠠᠶᠢᠭ᠎ᠠ ᠬᠤᠲᠠ ᠪᠠᠨ ᠰᠣᠩᠭᠤᠵᠤ᠂ ᠰᠠᠨᠠᠭᠤᠯᠤᠮᠵᠢ ᠶᠢ ᠦᠨᠳᠦᠰᠦᠯᠡᠨ ᠲᠤᠰ ᠭᠠᠵᠠᠷ ᠤᠨ ᠢᠶᠠᠨ ᠲᠥᠷᠥ ᠶᠢᠨ ᠪᠣᠳᠣᠯᠭ᠎ᠠ ᠶᠢ ᠯᠠᠪᠯᠠᠵᠤ᠂ ᠬᠠᠮᠢᠶ᠎ᠠ ᠪᠦᠬᠦᠢ ᠬᠠᠷᠠᠭᠠᠯᠵᠠᠯ ᠢ ᠰᠤᠩᠭᠤᠵᠤ ᠠᠪᠤᠨ᠎ᠠ᠃
4.14解读4.jpg
      ᠮᠠᠰᠢᠨ ᠲᠡᠷᠭᠡ ᠶᠢ ᠰᠢᠨ᠎ᠡ ᠪᠠᠷ ᠰᠣᠯᠢᠪᠠᠯ ᠳᠠᠷᠠᠭᠠᠴᠢ ᠶᠢᠨ ᠵᠦᠢᠯᠡᠰ ᠢ ᠠᠩᠬᠠᠷᠤᠭᠠᠷᠠᠢ      ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠭᠤᠶᠤᠴᠢᠯᠠᠬᠤ
4.14解读5.png
      ᠵᠢᠵᠢᠭ ᠫᠷᠣᠭ᠍ᠷᠠᠮ ᠢᠶᠠᠷ ᠯᠠᠪᠯᠠᠭᠠᠷᠠᠢ      ᠭᠤᠶᠤᠴᠢᠯᠠᠨ ᠠᠪᠬᠤ ᠠᠷᠭ᠎ᠠ᠄      1. ︽2025 ᠣᠨ ᠤ ᠬᠡᠷᠡᠭᠴᠡᠭᠡᠨ ᠠᠴᠠ ᠭᠠᠷᠭᠠᠵᠤ ᠰᠢᠨᠡᠳᠬᠡᠬᠦ ᠭᠤᠶᠤᠴᠢᠯᠠᠯ ᠤᠨ ᠣᠷᠣᠴᠠ︾ ᠪᠠᠷ ᠣᠷᠣᠨ᠎ᠠ᠃
      2. ᠨᠥᠬᠦᠪᠦᠷᠢ ᠶᠢ ᠬᠦᠯᠢᠶᠡᠨ ᠠᠪᠴᠤ ᠭᠦᠢᠴᠡᠳᠬᠡᠬᠦ ᠭᠠᠵᠠᠷ ᠢᠶᠠᠨ ᠰᠣᠩᠭᠤᠵᠤ᠂ ᠰᠠᠨᠠᠭᠤᠯᠤᠮᠵᠢ ᠶᠢ ᠦᠨᠳᠦᠰᠦᠯᠡᠨ ᠬᠤᠪᠢ ᠬᠥᠮᠥᠨ ᠤ ᠮᠡᠳᠡᠭᠡ ᠵᠠᠩᠭᠢ ᠪᠠᠨ ᠪᠢᠴᠢᠵᠤ᠂ ᠳᠠᠷᠠᠭᠠᠴᠢ ᠶᠢᠨ ᠰᠠᠨᠠᠭᠤᠯᠤᠮᠵᠢ ᠳᠤ ᠣᠷᠣᠨ᠎ᠠ᠃
4.14解读8.jpg
      3. ᠰᠠᠨᠠᠭᠤᠯᠤᠮᠵᠢ ᠶᠢ ᠦᠨᠳᠦᠰᠦᠯᠡᠨ᠂ ᠭᠤᠶᠤᠴᠢᠯᠠᠭᠴᠢ ᠶᠢᠨ ᠮᠡᠳᠡᠭᠡ ᠵᠠᠩᠭᠢ᠂ ᠬᠡᠷᠡᠭᠴᠡᠭᠡᠨ ᠠᠴᠠ ᠭᠠᠷᠭᠠᠭᠰᠠᠨ ᠮᠠᠰᠢᠨ ᠲᠡᠷᠭᠡᠨ ᠤ ᠮᠡᠳᠡᠭᠡ ᠵᠠᠩᠭᠢ᠂ ᠬᠤᠳᠠᠯᠳᠤᠨ ᠠᠪᠬᠤ ᠰᠢᠨ᠎ᠡ ᠮᠠᠰᠢᠨ ᠲᠡᠷᠭᠡᠨ ᠤ ᠮᠡᠳᠡᠭᠡ ᠵᠠᠩᠭᠢ ᠶᠢ ᠲᠠᠭᠯᠠᠪᠠᠯ᠂ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠭᠤᠶᠤᠴᠢᠯᠠᠵᠤ ᠪᠣᠯᠣᠨ᠎ᠠ᠃
4.14解读9.jpg
      ᠵᠢᠵᠢᠭ ᠫᠷᠣᠭ᠍ᠷᠠᠮ ᠢᠶᠠᠷ ᠲᠥᠷᠥ ᠶᠢᠨ ᠪᠣᠳᠣᠯᠭ᠎ᠠ ᠶᠢ ᠯᠠᠪᠯᠠᠵᠤ ᠨᠥᠬᠦᠪᠦᠷᠢ ᠪᠠᠨ ᠨᠢᠭᠡ ᠯᠡ ᠳᠠᠷᠤᠪᠴᠢ ᠪᠠᠷ ᠭᠤᠶᠤᠴᠢᠯᠠᠬᠤ ᠪᠣᠯᠣᠨ᠎ᠠ᠃
4.14解读10.png
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ