ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠲᠤᠷᠰᠢᠨ ᠪᠠᠶᠢᠴᠠᠭᠠᠬᠤ ᠶᠡᠭᠡ ᠠᠩᠭᠢ ᠠᠭᠤᠷᠬᠠᠶ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠭᠠᠯ ᠢ ᠰᠡᠷᠭᠡᠶᠢᠯᠡᠬᠦ ᠪᠠᠶᠢᠴᠠᠭᠠᠯᠲᠠ ᠬᠢᠵᠦ᠂ ᠠᠮᠢ ᠠᠬᠤᠶ ᠶᠢᠨ ᠠᠮᠤᠷ ᠲᠦᠪᠰᠢᠨ ᠤ ᠵᠢᠭᠠᠯᠲᠠ ᠲᠤᠭ᠎ᠠ ᠶᠢ ᠳᠠᠬᠢᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2025/4/9
      ᠬᠠᠷᠢᠶ᠎ᠠ ᠣᠷᠣᠨ ᠳᠠᠬᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠪᠦᠲᠦᠮᠵᠢᠲᠡᠶ ᠰᠡᠷᠭᠡᠶᠢᠯᠡᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠬᠢᠭᠡᠳ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠲᠤᠷᠰᠢᠨ ᠪᠠᠶᠢᠴᠠᠭᠠᠬᠤ ᠶᠡᠭᠡ ᠠᠩᠭᠢ ᠢᠳᠡᠪᠬᠢᠲᠡᠶ ᠠᠵᠢᠯᠯᠠᠵᠤ᠂ ᠠᠭᠤᠷᠬᠠᠶ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠭᠠᠯ ᠢ ᠰᠡᠷᠭᠡᠶᠢᠯᠡᠬᠦ ᠠᠵᠢᠯ ᠤᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠲᠣᠤᠷ ᠢ ᠪᠥᠬᠦ ᠲᠠᠯ᠎ᠠ ᠪᠠᠷ ᠪᠠᠬᠢᠵᠢᠭᠦᠯᠵᠦ᠂ ᠭᠠᠯ ᠢ ᠰᠡᠷᠭᠡᠶᠢᠯᠡᠬᠦ ᠬᠤᠭᠤᠴᠠᠭ᠎ᠠ ᠶᠢ ᠲᠣᠭᠲᠠᠭᠤᠨ ᠢᠶᠠᠷ ᠥᠩᠭᠡᠷᠡᠭᠦᠯᠬᠦ ᠶᠢ ᠬᠦᠴᠦᠯᠡᠨ ᠪᠠᠲᠤᠯᠠᠪᠠ᠃
4.9检查1.jpg
      ᠪᠠᠶᠢᠴᠠᠭᠠᠬᠤ ᠶᠠᠪᠤᠴᠠ ᠳᠤ᠂ ᠢᠳᠡᠭᠡᠨ ᠪᠠ ᠡᠮ ᠤᠨ ᠵᠦᠢᠯ ᠤᠨ ᠲᠤᠷᠰᠢᠨ ᠪᠠᠶᠢᠴᠠᠭᠠᠬᠤ ᠶᠡᠭᠡ ᠠᠩᠭᠢ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠬᠠᠷᠢᠶ᠎ᠠ ᠣᠷᠣᠨ ᠳᠠᠬᠢ ᠠᠭᠤᠷᠬᠠᠢ ᠶᠢᠨ ᠠᠵᠤ ᠠᠬᠤᠶᠢᠯᠠᠯ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠳᠠᠯᠳᠠ ᠬᠡᠮ ᠢ ᠭᠦᠨᠵᠡᠭᠡᠶ ᠵᠢᠭᠰᠠᠭᠠᠨ ᠪᠠᠶᠢᠴᠠᠭᠠᠪᠠ᠃ ᠠᠷᠠᠳ ᠤᠨ ᠴᠠᠭᠳᠠᠭ᠎ᠠ ᠡᠩ ᠲᠡᠷᠢᠭᠦᠨ ᠳᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ᠂ ᠠᠶᠤᠯᠭᠦᠢ ᠦᠢᠯᠡᠳᠪᠦᠷᠢᠯᠡᠯ ᠪᠠ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠠᠬᠤᠶᠢᠯᠠᠯ ᠤᠨ ᠭᠠᠯ ᠢ ᠰᠡᠷᠭᠡᠶᠢᠯᠡᠬᠦ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠵᠢᠯᠳᠠᠨ ᠤ ᠲᠤᠬᠢᠷᠠᠭᠤᠯᠤᠯᠳᠠ ᠪᠠ ᠡᠳ᠋ ᠪᠣᠳᠠᠰ ᠤᠨ ᠨᠥᠭᠡᠴᠡ ᠵᠡᠷᠭᠡ ᠪᠠᠶᠢᠳᠠᠯ ᠢ ᠣᠶᠢᠯᠠᠭᠠᠪᠠ᠃ ᠳᠠᠷᠠᠭ᠎ᠠ ᠨᠢ᠂ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠠᠵᠢᠯᠯᠠᠬᠤ ᠲᠣᠭᠤᠷᠢᠭ᠂ ᠤᠶᠢᠯᠡᠤᠡᠪᠤᠷᠢ ᠶᠢᠨ ᠬᠡᠷ ᠪᠠᠶᠢᠰᠢᠩ᠂ ᠬᠥᠮᠥᠷᠭᠡ ᠵᠡᠷᠭᠡ ᠲᠠᠯᠠᠪᠤᠷ ᠭᠠᠵᠠᠷ ᠢ ᠬᠠᠮᠤᠷᠪᠠ᠃ ᠠᠵᠤ ᠠᠬᠤᠶᠢᠯᠠᠯ ᠤᠨ ᠭᠠᠯ ᠢ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠯ ᠢ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢ ᠠᠵᠢᠯ ᠤᠨ ᠪᠠᠶᠢᠷᠢ ᠨᠢᠭᠡᠪᠦᠷᠢ᠂ ᠭᠤᠭᠴᠤᠭ᠎ᠠ ᠨᠢᠭᠡᠪᠦᠷᠢ ᠳᠤ ᠬᠦᠷᠲᠡᠯ᠎ᠡ ᠨᠠᠷᠢᠯᠢᠬᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
4.9检查2.jpg
      ᠪᠠᠶᠢᠴᠠᠭᠠᠯᠲᠠ ᠪᠠᠷ ᠳᠠᠮᠵᠢᠨ᠂ ᠠᠭᠤᠷᠬᠠᠶ ᠶᠢᠨ ᠠᠵᠤ ᠠᠬᠤᠶᠢᠯᠠᠯ ᠤᠨ ᠭᠠᠯ ᠢ ᠰᠡᠷᠭᠡᠶᠢᠯᠡᠬᠦ ᠦᠵᠡᠯ ᠤᠬᠠᠮᠰᠠᠷ ᠪᠠ ᠬᠦᠴᠦᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠲᠤᠷᠰᠢᠨ ᠪᠠᠶᠢᠴᠠᠭᠠᠬᠤ ᠶᠡᠭᠡ ᠠᠩᠭᠢ ᠠᠭᠤᠷᠬᠠᠶ ᠶᠢᠨ ᠠᠵᠤ ᠠᠬᠤᠶᠢᠯᠠᠯ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠴᠠᠭᠠᠬᠤ ᠲᠣᠭᠲᠠᠴᠠ ᠶᠢ ᠪᠠᠶᠢᠭᠤᠯᠤᠨ᠂ ᠠᠵᠤ ᠠᠬᠤᠶᠢᠯᠠᠯ ᠤᠨ ᠭᠠᠯ ᠢ ᠰᠡᠷᠭᠡᠶᠢᠯᠡᠬᠦ ᠠᠵᠢᠯ ᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠠᠯ ᠢ ᠰᠡᠷᠭᠡᠶᠢᠯᠡᠬᠦ ᠬᠤᠭᠤᠴᠠᠭᠠᠨ ᠳᠤ ᠭᠠᠯ ᠬᠡᠷᠡᠭᠯᠡᠬᠦ᠂ ᠬᠡᠭᠡᠷ᠎ᠡ ᠭᠠᠳᠠᠨ᠎ᠠ ᠠᠮᠢᠳᠤᠯᠢᠭ ᠢᠶᠠᠷ ᠭᠠᠯ ᠬᠡᠷᠡᠭᠯᠡᠬᠦ ᠵᠢᠴᠢ ᠬᠠᠤᠯᠢ ᠠᠴᠠ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠬᠠᠷᠢᠶ᠎ᠠ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ