4 ᠰᠠᠷ᠎ᠠ ᠶᠢᠨ 3 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ 2025 ᠣᠨ ᠤ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠵᠢᠴᠢ ︽ᠲᠠᠪᠤ ᠶᠢ ᠡᠷᠬᠢᠮᠯᠡᠨ ᠲᠠᠪᠤ ᠶᠢ ᠠᠳᠠᠯᠢᠳᠬᠠᠬᠤ︾ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ | ᠬᠤᠷᠠᠯ ᠬᠤᠷᠠᠯᠳᠤᠭᠤᠯᠪᠠ᠃ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠠᠯᠪᠠᠨ ᠬᠡᠷ ᠤᠨ ᠡᠷᠬᠢᠯᠡᠭᠴᠢ ᠰᠢᠤᠢ ᠵᠢᠩ ᠷᠦᠢ ᠬᠤᠷᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠶᠠᠷᠢᠶᠠᠲ᠋ᠠᠯᠪᠢᠪᠠ᠃ | ᠠᠯᠪᠠᠨ ᠬᠡᠷ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠪᠥᠬᠦ ᠨᠠᠮ ᠤᠨ ᠭᠡᠰᠢᠭᠦᠨ ᠺᠠᠳ᠋ᠷ ᠠᠵᠢᠯᠲᠠᠨ ᠭᠤᠤᠯ ᠬᠤᠷᠠᠯ ᠤᠨ ᠲᠠᠯᠠᠪᠠᠶ ᠳᠤ | ᠬᠤᠷᠠᠯ ᠳᠤ ᠣᠷᠣᠯᠴᠠᠪᠠ᠃ ᠬᠤᠲᠠ ᠶᠢᠨ ᠵᠠᠰᠠᠭ ᠤᠨ ᠣᠷᠳᠣᠨ ᠤ ᠭᠠᠳᠠᠨ᠎ᠠ ᠰᠠᠭᠤᠭ᠎ᠠ ᠡᠯ᠎ᠡ ᠬᠤᠯᠪᠣᠭ᠎ᠠ ᠠᠪᠬᠤ ᠭᠠᠵᠠᠷ ᠸᠢᠳᠢᠤ᠋ ᠶᠢᠨ ᠬᠡᠯᠪᠡᠷᠢ ᠪᠠᠷ ᠬᠤᠷᠠᠯ ᠳᠤ | ᠣᠷᠣᠯᠴᠠᠪᠠ᠃ | ᠬᠤᠷᠠᠯ ᠳᠡᠭᠡᠷ᠎ᠡ᠂ ᠡᠩ ᠲᠡᠷᠢᠭᠦᠨ ᠳᠤ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶ᠎ᠠ ᠪᠠ ᠲᠥᠷᠥ ᠶᠢᠨ ᠪᠠᠶᠢᠭᠤᠯᠭ᠎ᠠ ᠶᠢᠨ ᠨᠠᠮ ᠤᠨ ᠬᠤᠷᠢᠳᠤᠭᠠᠷ | ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠬᠤᠲᠠ ᠶᠢᠨ ᠨᠠᠮ ᠤᠨ ᠬᠤᠷᠢᠶᠠᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ 2024 ᠣᠨ ᠤ | ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ | ᠪᠡᠶᠡᠯᠡᠭᠦᠯᠦᠭᠰᠡᠨ ᠪᠠᠶᠢᠳᠠᠯ ᠢ ᠳ᠋ᠦᠩᠨᠡᠨ ᠮᠡᠳᠡᠭᠳᠡᠵᠦ᠂ 2025 ᠣᠨ ᠤ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠠᠵᠢᠯ ᠵᠢᠴᠢ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ︽ᠲᠠᠪᠤ ᠶᠢ ᠡᠷᠬᠢᠮᠯᠡᠨ ᠲᠠᠪᠤ ᠶᠢ ᠠᠳᠠᠯᠢᠳᠬᠠᠬᠤ︾ ᠠᠵᠢᠯᠯᠠᠭ᠎ᠠ ᠶᠢ | ᠥᠷᠨᠢᠭᠦᠯᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠲᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ 2025 ᠣᠨ ᠤ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠳᠤ ᠰᠠᠨᠠᠭᠤᠯᠭ᠎ᠠ ᠳᠤᠷᠠᠳᠤᠭᠰᠠᠨ ᠪᠥᠭᠡᠳ ᠪᠥᠬᠦ ᠬᠤᠲᠠ ᠶᠢᠨ ᠪᠠᠶᠢᠴᠠᠭᠠᠨ ᠰᠢᠢᠳᠪᠦᠷᠢᠯᠡᠭᠰᠡᠨ | ᠬᠠᠷᠢᠭᠤᠴᠠᠯᠭ᠎ᠠ ᠡᠭᠦᠷᠭᠡᠯᠡᠬᠦ ᠥᠬᠡᠶ᠂ ᠡᠭᠦᠷᠭᠡ ᠪᠠᠨ ᠪᠡᠶᠡᠯᠡᠬᠦᠯᠬᠦ ᠥᠬᠡᠶ᠂ ᠠᠵᠢᠯ ᠬᠢᠬᠦ ᠥᠬᠡᠶ ᠪᠠᠶᠢᠬᠤ ᠨᠡᠶᠢᠲᠡᠯᠢᠭ ᠠᠰᠠᠭᠤᠳᠠᠯ ᠢ ᠵᠠᠷᠯᠠᠨ ᠮᠡᠳᠡᠭᠳᠡᠪᠡ᠃ | ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ | ᠬᠢᠨᠠᠮᠠᠭᠠᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠯᠪᠠᠨ ᠲᠢᠩᠬᠢᠮ ᠤᠨ ᠠᠵᠢᠯ ᠳᠤ ᠳᠤᠷᠠᠳᠤᠭᠰᠠᠨ ︽ᠲᠠᠪᠤ ᠶᠢ ᠪᠠᠷᠢᠮᠲᠠᠯᠠᠬᠤ︾ ᠴᠢᠬᠤᠯᠠ | ᠱᠠᠭᠠᠷᠳᠠᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠮᠠᠨ ᠤ ᠬᠤᠳᠠ ᠶᠢᠨ ᠠᠵᠢᠯ ᠤᠨ ᠲᠤᠬᠢᠷᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ︽ᠲᠠᠪᠤ ᠶᠢ ᠡᠷᠬᠢᠮᠯᠡᠨ ᠲᠠᠪᠤ ᠶᠢ ᠠᠳᠠᠯᠢᠳᠬᠠᠬᠤ︾ ᠠᠵᠢᠯᠯᠠᠭ᠎ᠠ ᠶᠢ ᠴᠢᠨᠠᠷ ᠰᠠᠶᠢᠲᠠᠢ ᠥᠷᠨᠢᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠦᠬᠦᠯᠢ ᠴᠣᠭᠴᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ︽ᠭᠤᠷᠪᠠ ᠳᠤ | ᠦᠢᠯᠡᠴᠢᠯᠡᠬᠦ︾ ᠥᠨᠳᠥᠷ ᠲᠦᠪᠰᠢᠨᠲᠦ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠶᠢ ᠡᠷᠬᠢᠮᠯᠡᠨ᠂ ᠦᠨᠡᠨᠴᠢ ᠰᠢᠳᠤᠷᠭᠤ ᠶᠢ | ᠠᠳᠠᠯᠢᠳᠬᠠᠬᠤ᠂ ᠰᠤᠷᠤᠯᠴᠠᠯᠭ᠎ᠠ ᠶᠢ ᠡᠷᠬᠢᠮᠯᠡᠨ᠂ ᠴᠢᠳᠠᠪᠤᠷᠢ ᠪᠠᠨ ᠠᠳᠠᠯᠢᠳᠬᠠᠬᠤ᠂ ᠶᠣᠰᠣ ᠲᠦᠷᠢᠮ ᠢ ᠡᠷᠬᠢᠮᠯᠡᠨ᠂ ᠪᠡᠶ᠎ᠡ ᠪᠠᠨ ᠱᠠᠭᠠᠷᠳᠠᠬᠤ ᠶᠢ ᠠᠳᠠᠯᠢᠳᠬᠠᠬᠤ᠂ | ᠪᠦᠯᠬᠦᠮᠳᠡᠯ ᠢ ᠡᠷᠬᠢᠮᠯᠡᠨ᠂ ᠬᠠᠮᠵᠢᠯᠴᠠᠭ᠎ᠠ ᠪᠠᠨ ᠠᠳᠠᠯᠢᠳᠬᠠᠬᠤ᠂ ᠬᠤᠪᠢ ᠨᠡᠮᠡᠷᠢ ᠦᠵᠡᠭᠦᠯᠬᠦ ᠶᠢ ᠡᠷᠬᠢᠮᠯᠡᠨ᠂ ᠬᠠᠷᠢᠭᠤᠴᠠᠯᠭ᠎ᠠ ᠡᠭᠦᠷᠭᠡᠯᠡᠯ ᠢᠶᠠᠨ ᠠᠳᠠᠯᠢᠳᠬᠠᠬᠤ | ︽ᠲᠠᠪᠤ ᠶᠢ ᠡᠷᠬᠢᠮᠯᠡᠨ ᠲᠠᠪᠤ ᠶᠢ ᠠᠳᠠᠯᠢᠳᠬᠠᠬᠤ︾ ᠪᠠᠷ ᠭᠠᠷᠳᠠᠴᠠ ᠪᠣᠯᠭᠠᠵᠤ᠂ ︽ᠬᠤᠶᠠᠷ ᠢ ᠬᠠᠮᠠᠭᠠᠯᠠᠬᠤ︾ ᠦᠵᠡᠯ ᠰᠠᠨᠠᠭᠠᠨ ᠤ ᠤᠬᠠᠮᠰᠠᠷ ᠪᠠ ᠦᠢᠯᠡ | ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠠᠵᠢᠯ ᠤᠨ ᠰᠠᠭᠤᠷᠢ ᠪᠠᠨ ᠪᠠᠬᠢᠵᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠡᠩᠨᠡᠭᠡᠨ ᠤ | ᠴᠢᠨᠠᠷ ᠰᠠᠶᠢᠲᠠᠢ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠪᠠ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠢ︔ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠪᠢᠴᠢᠭ ᠮᠠᠲ᠋ᠧᠷᠢᠶᠠᠯ ᠢ ᠴᠣᠮᠬᠠᠳᠬᠠᠵᠤ᠂ ᠪᠢᠴᠢᠭ | ᠮᠠᠲ᠋ᠧᠷᠢᠶᠠᠯ ᠤᠨ ᠰᠤᠷᠲᠠᠯ ᠢ ᠰᠠᠶᠢᠵᠢᠷᠠᠭᠤᠯᠵᠤ᠂ ᠬᠤᠷᠠᠯ ᠴᠤᠭᠯᠠᠭ᠎ᠠ ᠶᠢ ᠵᠢᠷᠤᠮᠵᠢᠭᠤᠯᠤᠨ ᠴᠣᠮᠬᠠᠳᠬᠠᠵᠤ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠵᠤ᠂ | ᠭᠥᠯᠢᠶᠡᠨ ᠠᠪᠬᠤ ᠶᠢ ᠳᠥᠭᠦᠮᠴᠢᠯᠡᠬᠦ ᠶᠢ ᠪᠠᠷᠢᠮᠲᠠᠯᠠᠵᠤ᠂ ᠱᠠᠯᠠᠪᠳᠠᠭᠤᠯᠤᠨ ᠭᠦᠢᠴᠡᠳᠬᠡᠬᠦ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠨᠠᠮ ᠤᠨ | ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠨ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ︔ ᠬᠡᠯᠪᠡᠷᠢᠴᠢ ᠦᠵᠡᠯ ᠢ | ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠬᠤᠶᠢᠷᠭᠤ ᠮᠠᠶ᠋ᠢᠭ︾ ᠤᠨ ᠺᠠᠳ᠋ᠷ ᠤᠨ | ᠲᠤᠰᠬᠠᠶ ᠴᠡᠭᠴᠡᠯᠡᠨ ᠵᠠᠰᠠᠬᠤ ᠠᠵᠢᠯ ᠢ ᠴᠢᠩᠭ᠎ᠠ ᠪᠥᠭᠡᠳ ᠪᠣᠳᠠᠲᠠᠶ ᠠᠬᠢᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠬᠢᠵᠦ᠂ ᠵᠢᠵᠢᠭᠦᠷᠯᠡᠨ ᠰᠠᠬᠢᠬᠤ ᠠᠵᠢᠯ ᠢ | ᠴᠢᠩᠭᠠᠳᠬᠠᠨ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ᠂ ᠴᠢᠩᠭ᠎ᠠ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠪᠠ ᠯᠠᠪᠳᠠᠭᠤᠨ | ᠪᠠᠲᠤᠲᠠᠶ ᠠᠵᠢᠯ ᠤᠨ ᠰᠤᠷᠲᠠᠯ ᠢᠶᠠᠷ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠭᠦᠷᠢᠳᠡ ᠵᠤᠬᠰᠤᠰᠢ ᠦᠭᠡᠢ᠂ | ᠡᠭᠦᠷᠢᠳᠡ ᠬᠤᠶᠢᠷᠭᠤᠰᠢᠬᠤ ᠦᠭᠡᠢ᠂ ᠡᠭᠦᠷᠢᠳᠡ ᠰᠤᠯᠠᠷᠠᠭᠤᠯᠬᠤ ᠦᠭᠡᠢ ᠵᠣᠷᠢᠭ ᠰᠠᠨᠠᠭ᠎ᠠ ᠪᠠᠷ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠪᠠ ︽ᠭᠤᠷᠪᠠ ᠳᠤ ᠦᠢᠯᠡᠴᠢᠯᠡᠬᠦ︾ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ | ᠬᠡᠷᠡᠭᠲᠡᠶ ᠭᠡᠵᠦ ᠴᠢᠬᠤᠯᠠᠴᠢᠯᠠᠪᠠ᠃ | | |