ᠬᠤᠲᠠ ᠶᠢᠨ ᠵᠠᠰᠠᠭ ᠤᠨ ᠣᠷᠳᠣᠨ 2025 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/9
      4 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠤᠲᠠ ᠶᠢᠨ ᠵᠠᠰᠠᠭ ᠤᠨ  ᠣᠷᠳᠣᠨ ᠤ 2025 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠡᠬᠡᠬᠡᠯᠳᠡ ᠬᠢᠬᠦ ᠤᠬᠠᠮᠰᠠᠷ ᠢᠶᠠᠨ ᠴᠢᠩᠭᠠᠳᠬᠠᠵᠤ᠂ ᠨᠡᠬᠡᠬᠡᠯᠳᠡ ᠬᠢᠬᠦ ᠠᠯᠬᠤᠴᠠ ᠪᠠᠨ ᠲᠦᠷᠭᠡᠳᠬᠡᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭᠠᠳᠤ ᠪᠡᠯᠡ ᠶᠢ ᠣᠷᠣᠭᠤᠯᠤᠨ ᠠᠪᠴᠢᠷᠠᠬᠤ ᠠᠵᠢᠯ ᠢ ᠯᠠᠪᠳᠠᠭᠤᠨ ᠪᠠᠲᠤᠲᠠᠢ  ᠰᠠᠶᠢᠲᠤᠷ ᠬᠢᠵᠦ᠂ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢᠨ ᠪᠦᠳᠦᠭᠡᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠪᠣᠳᠠᠲᠤ ᠦᠷ᠎ᠡ  ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠨ ᠵᠠᠰᠠᠬᠤ ᠵᠠᠶᠢᠯᠠᠰᠢ ᠦᠭᠡᠢ ᠲᠦᠷᠢᠮ ᠢ ᠪᠠᠶᠢᠭᠤᠯᠤᠨ ᠪᠦᠷᠢᠨᠰᠢᠬᠦᠯᠬᠦ ᠲᠤᠬᠠᠢ ᠬᠡᠷᠡᠭᠵᠢᠭᠦᠯᠬᠦ ᠲᠥᠰᠦᠯ︾ ᠢ ᠤᠯᠠᠮᠵᠢᠯᠠᠨ ᠰᠤᠷᠤᠯᠴᠠᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠨ ᠵᠠᠰᠠᠬᠤ ᠶᠢᠨ ᠲᠦᠢᠯ ᠤᠨ ᠴᠢᠬᠤᠯᠠ ᠴᠢᠨᠠᠷ ᠢ ᠤᠯᠤᠰ ᠲᠦᠷᠦ ᠶᠢᠨ ᠲᠠᠯ᠎ᠠ ᠠᠴᠠ ᠲᠠᠨᠢᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠲᠤᠭ᠎ᠠ ᠪᠦᠷᠢᠳᠬᠡᠯ ᠤᠨ ᠠᠵᠢᠯ ᠤᠨ ᠡᠯ᠎ᠡ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠪᠠᠷ ᠲᠤᠭ᠎ᠠ ᠪᠦᠷᠢᠳᠬᠡᠯ ᠤᠨ ᠠᠵᠢᠯ ᠢ ᠴᠢᠨᠠᠷᠯᠢᠭ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠢ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠥᠯᠥᠨ ᠪᠤᠶᠢᠷ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠢ ᠰᠦᠢᠳᠭᠡᠵᠦ ᠨᠤᠭᠤ ᠭᠠᠵᠠᠷ ᠢ ᠰᠦᠢᠳᠭᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ  ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ  ᠴᠢᠩᠭᠠᠳᠬᠠᠵᠤ᠂ ᠡᠷᠴᠢᠮᠲᠡᠢ ᠴᠡᠭᠴᠡᠯᠡᠨ ᠵᠠᠰᠠᠵᠤ᠂ ᠴᠢᠩᠭ᠎ᠠ ᠴᠣᠬᠢᠯᠲᠠ ᠥᠭᠴᠦ᠂ ᠡᠷᠡᠰ ᠬᠤᠷᠢᠭᠯᠠᠵᠤ᠂ ᠣᠶ ᠰᠢᠭᠤᠶ ᠨᠤᠲᠤᠭ ᠪᠡᠯᠴᠢᠭᠡᠷ ᠢ ᠰᠦᠢᠳᠭᠡᠵᠦ ᠨᠤᠭᠤ  ᠭᠠᠵᠠᠷ ᠢ ᠰᠦᠢᠳᠭᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠡᠰ ᠬᠤᠷᠢᠭᠯᠠᠵᠤ᠂ ᠲᠥᠪᠯᠡᠷᠡᠭᠦᠯᠦᠨ  ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠰᠢᠰᠲ᠋ᠧᠮ ᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ︽ᠵᠢᠷᠭᠤᠭᠠᠨ ᠠᠵᠢᠯᠯᠠᠭᠠᠨ︾ ᠢ ᠨᠠᠶᠢᠳᠠᠪᠤᠷᠢᠵᠢᠭᠤᠯᠤᠨ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠲᠥᠷᠥᠯ ᠤᠨ ᠬᠦᠷᠢᠶᠡᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠰᠢᠨ᠎ᠡ ᠱᠠᠭᠠᠷᠳᠠᠯᠭ᠎ᠠ ᠶᠢ ᠴᠠᠭ ᠲᠤᠬᠠᠶ ᠳᠤᠨᠢ ᠳᠠᠭᠠᠵᠤ᠂ ᠠᠵᠢᠯ ᠤᠨ ᠠᠷᠭ᠎ᠠ ᠬᠡᠮᠵᠢᠶ᠎ᠡ ᠶᠢ ᠠᠯᠬᠤᠮ  ᠴᠢᠨᠠᠭᠰᠢᠳᠠ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠬᠠᠷᠠᠯᠲᠠ ᠶᠢ ᠴᠢᠩᠭ᠎ᠠ ᠠᠩᠬᠠᠷᠴᠤ ᠠᠵᠢᠯᠯᠠᠭ᠎ᠠ ᠶᠢ ᠠᠳᠬᠤᠵᠤ᠂ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠥᠬᠦ ᠬᠤᠲᠠ ᠶᠢᠨ ︽ᠵᠢᠷᠭᠤᠭᠠᠨ ᠠᠵᠢᠯᠯᠠᠭᠠᠨ︾ ᠤ ᠠᠵᠢᠯ ᠢ ᠲᠦᠷᠭᠡᠨ ᠨᠠᠶᠢᠳᠠᠪᠤᠷᠢᠵᠢᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠬᠥᠯᠥᠨ ᠪᠤᠶᠢᠷ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠤᠯᠤᠰ ᠤᠨ ᠲᠠᠰ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶᠢᠯᠡᠭᠰᠡᠨ ᠬᠥᠭᠵᠢᠯᠲᠡ ᠶᠢᠨ ᠬᠢᠷᠢ ᠲᠦᠪᠰᠢᠨ ᠤ ᠬᠢᠨᠠᠨ ᠰᠢᠯᠭᠠᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠥᠯᠥᠨ ᠪᠤᠶᠢᠷ ᠬᠤᠲᠠ ᠶᠢᠨ ᠴᠠᠬᠢᠯᠭᠠᠨ ᠱᠠᠲᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ︵ᠲᠥᠰᠦᠯ︶︾ ᠢ ᠬᠢᠨᠠᠨ ᠵᠥᠪᠯᠡᠪᠡ᠃
ᠢᠷᠡᠯᠲᠡ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ