ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2025/4/9
      4 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ 3 ᠰᠠᠷ᠎ᠠ ᠶᠢᠨ 31 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠳᠡᠭᠡᠷ᠎ᠡ ᠨᠢᠭᠡ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ᠂ ︽ᠬᠦᠯᠦᠨ ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ︾ ᠤᠨ ᠶᠡᠷᠦᠩᠬᠡᠶᠢᠯᠡᠭᠰᠡᠨ ᠵᠠᠰᠠᠯᠲᠠ ᠵᠡᠷᠭᠡ ᠶᠢ ᠴᠢᠩᠭ᠎ᠠ ᠠᠩᠬᠠᠷᠴᠤ᠂ ᠲᠤᠪᠤᠶᠢᠮ᠎ᠠ ᠠᠰᠠᠭᠤᠳᠠᠯ ᠢ ᠲᠦᠷᠭᠡᠨ ᠴᠡᠭᠴᠡᠯᠡᠨ ᠵᠠᠰᠠᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠢᠭᠡ ᠱᠤᠭᠤᠮ︾ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠡᠴᠡ ᠪᠠᠷ ᠭᠠᠷᠳᠡᠴᠡ ᠪᠣᠯᠭᠠᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤᠮᠳᠠᠬᠢ ᠳᠤᠲᠠᠭᠤᠳᠠᠯ ᠪᠠᠭᠤᠷᠠᠶ ᠲᠠᠯ᠎ᠠ ᠶᠢ ᠭᠦᠨᠵᠡᠭᠡᠶ ᠪᠠᠶᠢᠴᠠᠭᠠᠨ ᠳᠡᠯᠭᠡᠵᠦ᠂ ᠬᠠᠨᠳᠤᠯᠭᠠᠲᠤ ᠴᠢᠨᠠᠷᠲᠠᠶ ᠪᠠᠷ ᠨᠥᠬᠦᠪᠥᠷᠢᠯᠡᠨ ᠳᠡᠭᠡᠭᠰᠢᠯᠡᠭᠦᠯᠬᠦ ᠬᠡᠷᠡᠭᠲᠡᠶ ᠭᠡᠵᠤ ᠴᠢᠬᠤᠯᠠᠴᠢᠯᠠᠵᠠᠢ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠠᠳᠠᠭᠠᠳᠤ ᠪᠠᠯᠠ ᠶᠢ ᠲᠣᠭᠲᠠᠪᠤᠷᠢᠵᠢᠭᠤᠯᠬᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠮᠠᠨ ᠤ ᠣᠷᠣᠨ ᠤ ᠭᠠᠳᠠᠭᠰᠢ ᠬᠠᠨᠳᠤᠭᠤᠯᠤᠭᠰᠠᠨ ᠠᠵᠤ ᠠᠬᠤᠶ ᠶᠢᠨ ᠬᠡᠮᠵᠢᠶ᠎ᠡ ᠪᠠᠭ᠎ᠠ᠂ ᠬᠡᠪᠴᠢᠶ᠎ᠡ ᠢᠪᠴᠤᠤ᠂ ᠬᠥᠭᠵᠢᠶᠡᠨᠳᠠᠢ ᠪᠢᠰᠢ ᠵᠡᠷᠭᠡ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠪᠠᠨ ᠶᠡᠭᠡ ᠠᠵᠤ ᠦᠢᠯᠡᠰ ᠤᠨ ᠪᠦᠯᠦᠭᠵᠢᠯ︾ ᠤᠨ ᠲᠣᠭᠤᠷᠢᠨ ᠳᠤ ᠭᠠᠳᠠᠭᠠᠳᠤ ᠪᠠᠯᠠ ᠶᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠳᠡᠯᠡᠬᠡᠶᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠦᠴᠦᠨ ᠤᠷᠤᠭᠤᠯᠤᠨ ᠪᠣᠶ ᠪᠣᠯᠭᠠᠬᠤ ᠬᠡᠷᠡᠭᠲᠡᠶ᠃ ᠭᠠᠳᠠᠭᠠᠳᠤ ᠶᠢᠨ ᠠᠵᠤ ᠠᠬᠤᠶᠢᠯᠠᠯ ᠳᠤ ᠦᠢᠯᠡᠴᠢᠯᠡᠬᠦ ᠲᠤᠬᠠᠢ ᠲᠤᠭᠤᠷᠢᠨ ᠦᠵᠡᠬᠦ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠢ ᠪᠣᠳᠠᠲᠠᠢ ᠭᠠᠵᠠᠷ ᠲᠤᠨᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠤ ᠴᠢᠬᠤᠯᠠᠴᠢᠯᠠᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠤᠨ ᠪᠦᠳᠦᠭᠡᠬᠦ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠢ︾ ᠭᠡᠬᠦ ᠴᠢᠬᠤᠯᠠ ᠵᠤᠬᠢᠶᠠᠯ ᠢ ᠤᠯᠠᠮᠵᠢᠯᠠᠨ ᠰᠤᠷᠤᠯᠴᠠᠵᠤ᠂ ᠪᠥᠬᠦ ᠤᠯᠤᠰ ᠪᠣᠯᠤᠨ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠵᠣᠬᠢᠶᠠᠮᠠᠯ ᠣᠶᠤᠨ ᠴᠢᠳᠠᠪᠤᠷᠢ +᠂ ᠤᠶᠢᠷ᠎ᠠ ᠤᠭᠲᠠᠷᠭᠤᠢ ᠶᠢᠨ ᠠᠵᠤ ᠠᠬᠤᠶ᠂ ᠠᠮᠢᠳᠤ ᠪᠣᠳᠠᠰ ᠤᠨ ᠮᠡᠷᠭᠡᠵᠢᠯ ᠵᠡᠷᠭᠡ ᠲᠠᠯ᠎ᠠ ᠪᠠᠷ ᠠᠯᠢ ᠲᠦᠷᠭᠡᠨ ᠢᠶᠠᠷ ᠰᠢᠪᠲᠤᠯᠤᠯᠲᠠ ᠭᠠᠷᠭᠠᠬᠤ ᠶᠢ ᠠᠬᠢᠭᠤᠯᠵᠤ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠤᠨ ᠲᠣᠭᠤᠷᠢᠨ ᠳᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠲᠦᠷᠭᠡᠨ ᠪᠠᠶᠢᠭᠤᠯᠬᠤ ᠬᠡᠷᠡᠭᠲᠡᠶ᠃ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠠᠬᠢ ᠣᠷᠣᠭᠤᠯᠤᠯᠲᠠ ᠶᠢᠨ ᠬᠠᠲᠠᠭᠤ ᠨᠡᠮᠡᠭᠳᠡᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠶᠢᠨ ᠪᠦᠬᠦᠨ ᠢ ᠪᠦᠷᠬᠦᠭᠦᠯᠬᠦ ᠶᠢ ᠠᠬᠢᠭᠤᠯᠬᠤ ᠬᠡᠷᠡᠭᠲᠡᠶ᠃ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠤᠷᠳᠤᠰ ᠤᠨ ᠲᠤᠷᠰᠢᠯᠲᠠ ᠶᠢᠨ ᠲᠠᠰᠤᠭ ᠵᠡᠷᠭᠡ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠡᠯ᠎ᠡ ᠵᠦᠢᠯ ᠤᠨ ᠴᠢᠳᠠᠪᠤᠷᠢᠲᠠᠨ ᠢ ᠣᠷᠣᠭᠤᠯᠤᠨ ᠴᠢᠳᠠᠪᠤᠷᠢᠲᠠᠨ ᠢ ᠴᠤᠭᠯᠠᠷᠠᠭᠤᠯᠬᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠶᠢᠨ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠣᠨᠳᠣᠣᠰᠢᠭᠤᠯᠬᠤ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠠᠶᠤᠯᠭᠦᠢ ᠦᠢᠯᠡᠳᠪᠦᠷᠢᠯᠡᠯ ᠤᠨ ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠰᠤᠳᠤᠯᠵᠤ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠰᠢᠵᠢᠮ ᠢ ᠴᠠᠭ ᠢᠮᠠᠭᠲᠠ ᠴᠢᠩᠭᠠᠯᠠᠵᠤ᠂ ᠲᠥᠪ ᠤᠨ ᠠᠶᠤᠯᠭᠦᠢ ᠦᠢᠯᠡᠳᠪᠦᠷᠢᠯᠡᠯ ᠤᠨ ᠰᠢᠯᠭᠠᠨ ᠪᠠᠶᠢᠴᠠᠭᠠᠯᠲᠠ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠠ ᠠᠰᠠᠭᠤᠳᠠᠯ ᠢ ᠲᠡᠷᠡ ᠶᠣᠰᠣᠭᠠᠷ ᠨᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠢᠯᠡᠷᠡᠭᠦᠯᠦᠭᠰᠡᠨ ᠴᠢᠬᠤᠯᠠ ᠶᠡᠭᠡ ᠠᠰᠠᠭᠤᠳᠠᠯ ᠤᠨ ᠬᠡᠮ ᠰᠣᠭᠤᠭ ᠢ ᠨᠢᠭᠡᠳ ᠨᠢᠭᠡ ᠪᠠᠷ ᠠᠩᠬᠠᠷᠤᠨ ᠰᠶᠢᠳᠪᠦᠷᠢᠯᠡᠭᠦᠯᠵᠤ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠣᠲᠣ ᠪᠣᠯ ᠶᠠᠭ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠵᠢᠭᠰᠠᠭᠠᠯ ᠤᠨ ᠭᠠᠵᠠᠷ ᠢᠶᠠᠨ ᠴᠢᠩᠭ᠎ᠠ ᠰᠠᠬᠢᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ︽ᠬᠤᠶᠠᠷ ᠴᠢᠬᠤᠯᠠ︾᠂ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤᠮᠳᠠᠬᠢ ᠲᠣᠪᠤᠶᠢᠮ᠎ᠠ ᠠᠰᠠᠭᠤᠳᠠᠯ ᠢ ᠰᠤᠳᠤᠯᠵᠤ᠂ ᠨᠢᠭᠡᠳᠦᠯᠲᠡᠶ ᠲᠥᠯᠥᠪᠵᠢᠭᠦᠯᠬᠦ᠂ ᠳᠡᠭᠡᠷ᠎ᠠ ᠳᠤᠤᠷ᠎ᠠ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠲᠥᠷᠥᠯ ᠵᠦᠢᠯ ᠢ ᠲᠡᠮᠡᠴᠡᠨ ᠤᠯᠬᠤ ᠪᠠ ᠬᠡᠷᠡᠭᠵᠢᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠪᠦᠲᠦᠮᠵᠢᠲᠡᠶ ᠬᠡᠷᠡᠭᠴᠡᠭᠡ ᠶᠢ ᠴᠢᠩᠭ᠎ᠠ ᠠᠩᠬᠠᠷᠴᠤ᠂ ᠬᠡᠷᠡᠭᠯᠡᠭᠴᠢᠳ ᠲᠤ ᠲᠥᠬᠦᠮ ᠦᠵᠡᠭᠦᠯᠬᠦ ᠲᠠᠯ᠎ᠠ ᠠᠴᠠ ᠡᠭᠦᠰᠦᠨ᠂ ᠬᠡᠷᠡᠭᠯᠡᠭᠡᠨ ᠤ ᠵᠦᠢᠯᠡᠰ ᠤᠨ ᠨᠥᠬᠦᠪᠥᠷᠢ ᠰᠤᠯᠢᠵᠤ ᠥᠭᠬᠦ ᠶᠢ ᠲᠦᠷᠭᠡᠳᠭᠡᠵᠦ᠂ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠥᠭᠡᠷᠡᠴᠢᠯᠡᠯᠲᠡ ᠶᠢᠨ ᠲᠤᠬᠠᠢ ᠶᠠᠪᠤᠳᠠᠯ ᠢ ᠰᠤᠳᠤᠯᠪᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ