ᠨᠢᠭᠡᠳᠦᠭᠡᠷ ᠤᠯᠠᠷᠢᠯ ᠳᠠᠬᠢ ᠮᠠᠨ ᠤ ᠣᠷᠣᠨ ᠤ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠪᠠ ᠠᠶᠠᠨᠴᠢᠳ ᠢ ᠵᠥᠭᠡᠭᠡᠪᠦᠷᠢᠯᠡᠭᠰᠡᠨ | ᠬᠡᠮᠵᠢᠶ᠎ᠡ ︽ᠰᠠᠶᠢᠨ ᠡᠬᠢᠯᠡᠯᠲᠡ︾ ᠲᠠᠢ ᠪᠣᠯᠪᠠ᠃ ᠡᠨᠡ ᠵᠢᠯ ᠠᠴᠠ ᠨᠠᠭᠠᠰᠢ᠂ ᠮᠠᠨ ᠤ ᠣᠷᠣᠨ ᠠᠴᠠ ᠬᠤᠳᠠᠯᠳᠤᠭᠠᠨ ᠤ ᠶᠠᠪᠤᠳᠠᠯ ᠪᠠ ᠬᠢᠯᠢ ᠶᠢᠨ ᠪᠣᠭᠤᠮᠲᠠ ᠶᠢᠨ | ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ ᠭᠤᠤᠯᠳᠠᠯᠭ᠎ᠠ ᠪᠣᠯᠬᠤ 10 ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠪᠠᠷ ᠳᠣᠬᠢᠷᠠᠭᠤᠯᠪᠠ︔ | ᠮᠠᠨᠵᠤᠤᠷ᠂ ᠡᠷᠢᠶᠡᠨ ᠬᠤᠲᠠ ᠶᠢᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠭᠤᠤᠯᠳᠠᠯᠭ᠎ᠠ ᠪᠣᠯᠬᠤ ᠲᠤᠷᠰᠢᠯᠲᠠ ᠶᠢᠨ ᠲᠤᠭᠤᠷᠢᠭ ᠲᠤ ᠲᠤᠰᠬᠠᠶ ᠵᠦᠢᠯ ᠤᠨ | ᠲᠤᠰᠠᠯᠠᠮᠵᠢ ᠶᠢᠨ ᠪᠡᠯᠡ ᠮᠥᠩᠭᠦ ᠶᠢ ᠲᠣᠬᠢᠷᠠᠭᠤᠯᠵᠤ᠂ ᠬᠢᠯᠢ ᠶᠢᠨ ᠪᠣᠭᠤᠮᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠣᠯᠣᠨ᠎ᠠ᠃ | ᠨᠢᠭᠡᠳᠦᠭᠡᠷ ᠤᠯᠠᠷᠢᠯ ᠳᠠᠬᠢ ᠮᠠᠨ ᠤ ᠣᠷᠣᠨ ᠤ ᠬᠢᠯᠢ ᠶᠢᠨ ᠪᠣᠭᠤᠮᠲᠠ ᠪᠠᠷ ᠣᠷᠣᠵᠤ ᠭᠠᠷᠤᠭᠰᠠᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 2985.28 ᠲᠦᠮᠡᠨ ᠲᠣᠨ | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 11.5% ᠪᠠᠷ ᠨᠡᠮᠡᠭᠳᠡᠨ᠂ ᠬᠢᠯᠢ ᠪᠠᠷ ᠣᠷᠣᠵᠤ ᠭᠠᠷᠤᠭᠰᠠᠨ ᠠᠶᠠᠨᠴᠢᠳ ᠢ ᠵᠥᠭᠡᠭᠡᠪᠦᠷᠢᠯᠡᠭᠰᠡᠨ ᠬᠡᠮᠵᠢᠶ᠎ᠡ 179.63 | ᠲᠦᠮᠡᠨ ᠬᠥᠮᠦᠨ ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 82.8% ᠪᠠᠷ ᠨᠡᠮᠡᠭᠳᠡᠪᠡ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ 3 ᠲᠤᠭᠤᠷᠢᠭ ᠤᠨ | ᠭᠠᠳᠠᠭᠠᠳᠤ ᠠᠴᠠ ᠣᠷᠣᠭᠤᠯᠵᠣ ᠭᠠᠳᠠᠭᠠᠳᠤ ᠳᠤ ᠭᠠᠷᠭᠠᠭᠰᠠᠨ ᠶᠡᠷᠦᠩᠬᠡᠢ ᠥᠷᠲᠡᠭ ᠨᠢ 55.7 ᠳ᠋ᠦᠩᠰᠢᠭᠤᠷ ᠲᠥᠭᠦᠷᠢᠭ ᠤᠨ ᠵᠢᠱᠢᠯᠲᠡ ᠳᠤ ᠪᠠᠨ ᠬᠦᠷᠴᠦ᠂ ᠠᠳᠠᠯᠢ | ᠬᠤᠭᠤᠴᠠᠭᠠᠨ ᠤ ᠬᠢ ᠠᠴᠠ 28.6 % ᠪᠠᠷ ᠨᠡᠮᠡᠭᠳᠡᠭᠰᠡᠨ ᠪᠠᠶᠢᠨ᠎ᠠ᠃ ︵ᠬᠤᠳᠠᠯᠳᠤᠭᠠᠨ ᠤ ᠶᠠᠪᠤᠳᠠᠯ ᠤᠨ ᠲᠢᠩᠬᠢᠮ︶ |