ᠬᠠᠩᠰᠢ ᠶᠢᠨ ᠠᠮᠠᠷᠠᠯᠲᠠ ᠶᠢᠨ ᠬᠤᠶᠠᠳᠤᠭᠠᠷ ᠡᠳᠦᠷ ᠥᠪᠥᠷ ᠮᠣᠩᠭᠤᠯ ᠤᠨ ᠰᠣᠶᠣᠯ ᠤᠨ ᠲᠠᠯᠠᠪᠤᠷ ᠣᠷᠳᠣᠨ ᠳᠤ ᠵᠢᠭᠤᠯᠴᠢᠯᠠᠭᠰᠠᠳ ᠢ 33 ᠲᠦᠮᠡᠨ ᠬᠥᠮᠥᠨ ᠤᠳᠠᠭ᠎ᠠ ᠭᠥᠯᠢᠶᠡᠨ ᠠᠪᠤᠪᠠ
ᠨᠡᠶᠢᠲᠡᠯᠡᠭᠰᠡᠨ ᠴᠠᠭ᠄
2025/4/9
      ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠥᠪᠥᠷ ᠮᠣᠩᠭᠤᠯ ᠤᠨ ᠡᠯ᠎ᠡ ᠭᠠᠵᠠᠷ ᠤᠨ ᠰᠣᠶᠣᠯ ᠤᠨ ᠲᠠᠯᠠᠪᠤᠷ ᠣᠷᠳᠣᠨ ᠨᠤᠭᠤᠳ ᠣᠯᠠᠨ ᠶᠠᠩᠵᠤ ᠬᠡᠯᠪᠡᠷᠢ ᠶᠢᠨ ᠰᠣᠶᠣᠯ ᠤᠨ ᠠᠵᠢᠯᠯᠠᠭ᠎ᠠ ᠶᠢ ᠨᠠᠷᠢᠨ ᠨᠢᠮᠪᠠᠢ ᠲᠥᠯᠥᠪᠯᠡᠭᠰᠡᠨ ᠢᠶᠠᠷ ᠬᠤᠲᠠ ᠶᠢᠨ ᠠᠷᠠᠳ ᠪᠠ ᠵᠢᠭᠤᠯᠴᠢᠯᠠᠭᠰᠠᠳ ᠰᠣᠨᠢᠷᠬᠠᠨ ᠣᠷᠣᠯᠴᠠᠵᠠᠢ᠃ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠬᠠᠩᠰᠢ ᠶᠢᠨ ᠠᠮᠠᠷᠠᠯᠲᠠ ᠶᠢᠨ ᠬᠤᠶᠠᠳᠤᠭᠠᠷ ᠡᠳᠦᠷ᠂ ᠥᠪᠥᠷ ᠮᠣᠩᠭᠤᠯ ᠤᠨ 352 ᠨᠣᠮ ᠤᠨ ᠰᠠᠩ᠂ ᠰᠣᠶᠣᠯ ᠤᠨ ᠣᠷᠳᠣᠨ᠂ ᠮᠦᠽᠧᠢ ᠵᠡᠷᠭᠡ ᠰᠣᠶᠣᠯ ᠤᠨ ᠲᠠᠯᠠᠪᠤᠷ ᠣᠷᠳᠣᠨ ᠵᠢᠭᠤᠯᠴᠢᠯᠠᠭᠰᠠᠳ ᠢ ᠨᠡᠶᠢᠲᠡ 33 ᠲᠦᠮᠡᠨ ᠬᠥᠮᠥᠨ ᠤᠳᠠᠭ᠎ᠠ ᠭᠥᠯᠢᠶᠡᠨ ᠠᠪᠴᠠᠢ᠃      ᠬᠤᠲᠠ ᠶᠢᠨ ᠠᠷᠠᠳ ᠪᠠ ᠵᠢᠭᠤᠯᠴᠢᠯᠠᠭᠰᠠᠳ ᠤᠨ ᠲᠣᠭᠤᠷᠢᠨ ᠦᠵᠡᠵᠦ ᠰᠤᠷᠤᠯᠴᠠᠬᠤ ᠪᠠ ᠪᠡᠶᠡᠴᠢᠯᠡᠨ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠣᠷᠣᠨ ᠤ ᠳᠣᠲᠣᠷᠠᠬᠢ ᠮᠠᠰᠢ ᠣᠯᠠᠨ ᠰᠣᠶᠣᠯ ᠦᠵᠡᠰᠬᠦᠯᠡᠩ ᠤᠨ ᠲᠠᠯᠠᠪᠤᠷ ᠣᠷᠳᠣᠨ ᠪᠠ ᠰᠣᠶᠣᠯ ᠤᠨ ᠪᠠᠶᠢᠭᠤᠯᠤᠮᠵᠢ ᠨᠤᠭᠤᠳ ᠠᠮᠠᠷᠠᠯᠲᠠ ᠶᠢᠨ ᠡᠳᠦᠷ ᠤᠳ ᠲᠤ ᠬᠡᠪ ᠤᠨ ᠶᠣᠰᠣᠭᠠᠷ ᠨᠡᠭᠡᠭᠡᠨ ᠠᠵᠢᠯᠯᠠᠪᠠ᠃ 4 ᠳ᠋ᠦ᠋ᠭᠡᠷ ᠰᠠᠷ᠎ᠠ ᠶᠢᠨ 4 ᠤ ᠡᠳᠦᠷ ᠠᠴᠠ 6 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠮᠦᠽᠧᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ᠂ ᠥᠪᠥᠷ ᠮᠣᠩᠭᠤᠯ ᠤᠨ ᠨᠣᠮ ᠤᠨ ᠰᠠᠩ᠂ ᠬᠥᠬᠡᠬᠤᠲᠠ ᠶᠢᠨ ᠮᠦᠽᠧᠢ᠂ ᠵᠣᠣ ᠵᠢᠶᠦ᠋ᠨ ᠮᠦᠽᠧᠢ᠂ ᠵᠠᠩᠵᠤᠨ ᠶᠠᠮᠤᠨ ᠤ ᠮᠦᠽᠧᠢ ᠵᠡᠷᠭᠡ ᠰᠣᠶᠣᠯ ᠤᠨ ᠲᠠᠯᠠᠪᠤᠷ ᠣᠷᠳᠣᠨ ᠬᠡᠪ ᠤᠨ ᠶᠣᠰᠣᠭᠠᠷ ᠨᠡᠭᠡᠭᠡᠵᠦ᠂ ᠬᠤᠲᠠ ᠶᠢᠨ ᠠᠷᠠᠳ ᠪᠠ ᠵᠢᠭᠤᠯᠴᠢᠯᠠᠭᠰᠠᠳ ᠰᠣᠶᠣᠯ ᠤᠨ ᠲᠠᠯᠠᠪᠤᠷ ᠣᠷᠳᠣᠨ ᠳᠤ ᠬᠦᠷᠴᠦ᠂ ᠤᠮᠠᠷᠠᠲᠤ ᠬᠢᠯᠢ ᠶᠢᠨ ᠷᠢᠳᠢ ᠰᠢᠳᠢ ᠶᠢ ᠪᠠᠭ᠋ᠠᠷᠬᠠᠨ ᠣᠶᠢᠯᠠᠭᠠᠪᠠ᠃      ᠡᠯ᠎ᠡ ᠰᠣᠶᠣᠯ ᠤᠨ ᠲᠠᠯᠠᠪᠤᠷ ᠣᠷᠳᠣᠨ ᠨᠤᠭᠤᠳ ᠰᠣᠶᠣᠯ ᠤᠨ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠲᠥᠰᠥᠪᠯᠡᠵᠦ᠂ ᠠᠮᠠᠷᠠᠯᠲᠠ ᠶᠢᠨ ᠡᠳᠦᠷ ᠤᠳ ᠲᠤ ᠬᠤᠳᠠ ᠶᠢᠨ ᠠᠷᠠᠳ ᠪᠠ ᠵᠢᠭᠤᠯᠴᠢᠯᠠᠭᠰᠠᠳ ᠲᠤ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠮᠡᠳᠡᠷᠡᠭᠦᠯᠪᠡ᠃ ᠥᠪᠥᠷ ᠮᠣᠩᠭᠤᠯ ᠤᠨ ᠰᠣᠶᠣᠯ ᠤᠨ ᠣᠷᠳᠣᠨ ᠵᠠᠯᠠᠭᠤᠴᠤᠳ ᠪᠠᠭᠠᠴᠤᠳ ᠲᠤ ᠵᠣᠷᠢᠭᠤᠯᠤᠭᠰᠠᠨ ᠭᠤᠸ᠎ᠠ ᠰᠠᠶᠢᠬᠠᠨ ᠤ ᠬᠥᠮᠦᠵᠢᠯ ᠤᠨ ᠰᠢᠷᠢᠰ ᠠᠵᠢᠯᠯᠠᠭ᠎ᠠ ᠦᠷᠨᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠯᠲᠠ᠂ ᠬᠤᠪᠢᠰᠬᠠᠯ ᠤᠨ ᠰᠡᠳᠦᠪᠲᠦ ᠤᠷᠠᠨ ᠤᠩᠰᠢᠯᠭ᠎ᠠ᠂ ᠭᠤᠣᠯ ᠰᠡᠳᠦᠪᠲᠦ ᠺᠢᠨᠣ᠋ ᠵᠢᠷᠤᠭ ᠤᠨ ᠦᠵᠡᠭᠦᠯᠭᠡ ᠵᠡᠷᠭᠡ ᠤᠯᠠᠨ ᠵᠦᠢᠯ ᠤᠨ ᠬᠡᠯᠪᠡᠷᠢ ᠪᠠᠷ ᠵᠠᠯᠠᠭᠤᠴᠤᠳ ᠪᠠᠭᠠᠴᠤᠳ ᠲᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠬᠦ᠂ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠬᠤ ᠭᠤᠸ᠎ᠠ ᠰᠠᠶᠢᠬᠠᠨ ᠤ ᠬᠥᠮᠦᠵᠢᠯ ᠤᠨ ᠦᠢᠯᠡᠳᠦᠯᠭᠡ ᠶᠢᠨ ᠲᠠᠪᠴᠠᠩ ᠢ ᠪᠠᠶᠢᠭᠤᠯᠵᠤ ᠥᠭᠴᠡᠢ᠃ ᠵᠣᠣ ᠵᠢᠶᠦ᠋ᠨ ᠮᠦᠽᠧᠢ ᠳᠤ ᠭᠤᠣᠯ ᠰᠡᠳᠦᠪᠲᠦ ᠠᠵᠢᠯᠯᠠᠭ᠎ᠠ ᠦᠷᠨᠢᠭᠦᠯᠬᠦ ᠪᠠᠷ ᠳᠠᠮᠵᠢᠭᠤᠯᠤᠨ᠂ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠢᠶᠠᠨ ᠦᠨᠳᠦᠰᠦ ᠰᠠᠭᠤᠷᠢ ᠶᠢ ᠪᠤᠶᠢᠵᠢᠭᠤᠯᠤᠨ ᠰᠥᠭ ᠰᠦᠨᠡᠰᠦ ᠶᠢ ᠱᠤᠭᠤᠬᠤ᠂ ᠣᠶᠤᠨ ᠢ ᠴᠣᠭᠤᠷᠠᠭᠤᠯᠵᠤ ᠤᠬᠠᠭᠠᠨ ᠢ ᠬᠤᠷᠴᠠᠯᠠᠬᠤ ᠣᠶᠤᠨ ᠰᠠᠨᠠᠭᠠᠨ ᠤ ᠥᠩ ᠰᠢᠮᠡᠯᠢᠭ ᠬᠥᠷᠥᠰᠥ ᠰᠢᠷᠣᠢ ᠪᠣᠯᠭᠠᠵᠠᠢ᠃ ᠪᠤᠭᠤᠲᠤ ᠬᠤᠳᠠ ᠶᠢᠨ ᠬᠥᠨᠳᠡᠯᠡᠨ ᠲᠣᠭᠤᠷᠢᠭ ᠤᠨ ᠰᠣᠶᠣᠯ ᠤᠨ ᠣᠷᠳᠣᠨ ᠬᠠᠩᠰᠢ ᠶᠢᠨ ᠤᠷᠠᠨ ᠤᠩᠰᠢᠯᠭ᠎ᠠ ᠶᠢᠨ ᠴᠤᠭᠯᠠᠭᠠᠨ ᠡᠷᠬᠢᠯᠡᠵᠦ᠂ ᠦᠵᠡᠭᠴᠢᠳ ᠢ ᠬᠦᠲᠦᠯᠦᠨ ᠮᠢᠩᠭᠠᠨ ᠣᠨ ᠤ ᠰᠣᠶᠣᠯ ᠤᠨ ᠤᠯᠪᠠᠭ᠎ᠠ ᠶᠢ ᠬᠠᠶᠢᠨ ᠮᠦᠷᠳᠡᠵᠦ᠂ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠣᠶᠢᠯᠠᠭᠠᠭᠤᠯᠤᠨ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠨ ᠤᠯᠠᠮᠵᠢᠯᠠᠭᠤᠯᠪᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ