ᠤᠶᠤᠨ ᠴᠢᠳᠠᠯ ᠢᠶᠠᠨ ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠰᠦᠬᠡᠢ
ᠨᠡᠶᠢᠲᠡᠯᠡᠭᠰᠡᠨ ᠴᠠᠭ᠄
2025/4/9
      ᠠᠮᠧᠷᠢᠺᠠ ᠶᠢᠨ ᠵᠠᠰᠠᠭ ᠤᠨ ᠣᠷᠳᠣᠨ ᠳᠡᠯᠡᠬᠡᠶ ᠶᠢᠨ ᠤᠷᠤᠰᠬᠠᠯ ᠢ ᠰᠥᠷᠴᠦ᠂ ᠮᠠᠨ ᠤ ᠤᠯᠤᠰ ᠢ ᠪᠠᠭᠲᠠᠭᠠᠭᠰᠠᠨ ᠪᠠᠷᠤᠭ ᠪᠣᠶ ᠪᠥᠬᠦᠶ ᠠᠷᠠᠯᠵᠢᠶᠠᠨ ᠤ ᠬᠠᠨᠢᠲᠠᠨ ᠳᠠᠭᠠᠨ ᠬᠠᠨᠳᠤᠭᠤᠯᠤᠨ ︽ᠠᠳᠠᠯᠢ ᠲᠡᠭᠰᠢ ᠪᠣᠭᠤᠮᠲᠠ ᠶᠢᠨ ᠭᠠᠶᠢᠯᠢ︾ ᠭᠡᠳᠡᠭ ᠢ ᠨᠡᠶᠢᠲᠡᠯᠡᠪᠠ᠂ ᠮᠠᠨ ᠤ ᠤᠯᠤᠰ ᠲᠡᠷᠡ ᠳᠠᠷᠤᠶ ᠳᠤᠨᠢ ᠡᠷᠡᠰ ᠬᠦᠴᠦᠲᠡᠶ ᠡᠰᠡᠷᠭᠦᠴᠡᠨ ᠬᠤᠷᠢᠭᠯᠠᠬᠤ ᠠᠷᠭ᠎ᠠ ᠬᠡᠮᠵᠢᠶ᠎ᠡ ᠠᠪᠴᠤ᠂ ᠪᠥᠬᠦ ᠳᠡᠯᠡᠬᠡᠶ ᠶᠢᠨ ᠳᠡᠭᠡᠳᠦ ᠬᠡᠮᠵᠢᠶᠡᠨ ᠤ ᠠᠩᠬᠠᠷᠤᠯ ᠢ ᠲᠠᠲᠠᠪᠠ᠃ ᠣᠳᠣᠬᠠᠨ ᠳᠤ ᠠᠮᠧᠷᠢᠺᠠ ᠶᠢᠨ ᠳᠤᠷ᠎ᠠ ᠪᠠᠷ ᠢᠶᠠᠨ ᠪᠣᠭᠤᠮᠲᠠ ᠶᠢᠨ ᠭᠠᠶᠢᠯᠢ ᠶᠢᠨ ᠲᠦᠷᠦ ᠶᠢᠨ ᠪᠤᠳᠤᠯᠭ᠎ᠠ ᠬᠡᠷᠡᠭᠵᠢᠭᠦᠯᠬᠦ ᠨᠢ ᠮᠠᠨ ᠤ ᠤᠯᠤᠰ ᠲᠤ ᠦᠵᠡᠭᠦᠯᠬᠦ ᠨᠥᠯᠥᠭᠡ ᠶᠢ ᠪᠤᠰᠤᠳᠴᠢ ᠪᠠᠷ ᠵᠠᠳᠠᠯᠵᠤ ᠂ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠳᠤ ᠣᠶᠤᠨᠴᠢ ᠪᠠᠷ ᠬᠠᠨᠳᠤᠵᠤ᠂ ᠠᠮᠧᠷᠢᠺᠠ ᠶᠢᠨ ᠡᠨᠡ ᠬᠦ ᠡᠭᠡᠯᠵᠢ ᠶᠢᠨ ᠳᠠᠷᠤᠯᠲᠠ ᠶᠢ ᠬᠤᠷᠢᠭᠯᠠᠬᠤ ᠢᠲᠡᠭᠡᠯ ᠵᠣᠷᠢᠭ ᠢᠶᠠᠨ ᠪᠠᠲᠤᠳᠬᠠᠪᠠᠯ ᠵᠤᠬᠢᠨ᠎ᠠ᠃       ︵ᠨᠢᠭᠡ︶ ᠠᠮᠧᠷᠢᠺᠠ ᠳᠤᠷ᠎ᠠ ᠪᠠᠷ ᠢᠶᠠᠨ ᠪᠣᠭᠤᠮᠲᠠ ᠶᠢᠨ ᠭᠠᠶᠢᠯᠢ ᠶᠢᠨ ᠲᠦᠷᠦ ᠶᠢᠨ ᠪᠤᠳᠤᠯᠭ᠎ᠠ ᠬᠡᠷᠡᠭᠵᠢᠭᠦᠯᠬᠦ ᠨᠢ ᠮᠠᠨ ᠤ ᠤᠯᠤᠰ ᠲᠤ ᠲᠠᠭᠠᠷᠢᠯᠳᠠ ᠪᠣᠯᠬᠤ ᠪᠣᠯᠪᠠᠴᠤ ︽ᠯᠠᠪᠳᠠᠢ ᠲᠩᠷᠢ ᠨᠤᠷᠠᠬᠤ ᠪᠠᠷ ᠦᠭᠡᠢ︾ ᠶᠤᠮ᠃ ᠡᠨᠡ ᠤᠳᠠᠭ᠎ᠠ ᠠᠮᠧᠷᠢᠺᠠ ᠶᠢᠨ ᠵᠠᠰᠠᠭ ᠤᠨ ᠣᠷᠳᠣᠨ ᠮᠠᠨ ᠤ ᠤᠯᠤᠰ ᠠᠴᠠ 34% ᠶᠢᠨ ᠪᠣᠭᠤᠮᠲᠠ ᠶᠢᠨ ᠭᠠᠶᠢᠯᠢ ᠨᠡᠮᠡᠵᠦ ᠲᠠᠲᠠᠪᠤᠷᠢᠯᠠᠪᠠ᠂ ᠲᠦᠷᠦᠭᠦᠬᠡᠨ ᠨᠡᠮᠡᠵᠦ ᠲᠠᠲᠠᠪᠤᠷᠢᠯᠠᠭᠰᠠᠨ ᠪᠣᠭᠤᠮᠲᠠ ᠶᠢᠨ ᠭᠠᠶᠢᠯᠢ ᠶᠢ ᠨᠡᠮᠡᠪᠡᠯ ᠬᠤᠶᠠᠷ ᠲᠠᠯ᠎ᠠ ᠶᠢᠨ ᠠᠷᠠᠯᠵᠢᠶ᠎ᠠ ᠶᠢ ᠬᠦᠨᠳᠦ ᠨᠣᠴᠢᠲᠠᠢ ᠬᠤᠷᠢᠭᠯᠠᠵᠤ᠂ ᠣᠬᠤᠷᠬᠠᠨ ᠬᠤᠭᠤᠴᠠᠭᠠᠨ ᠳᠤ ᠮᠠᠨ ᠤ ᠤᠯᠤᠰ ᠤᠨ ᠭᠠᠳᠠᠭᠠᠳᠤ ᠭᠠᠷᠭᠠᠯᠲᠠ ᠳᠤ ᠨᠠᠵᠠᠭᠠᠢ ᠨᠥᠯᠥᠭᠡ ᠦᠵᠡᠭᠦᠯᠵᠦ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ ᠨᠡᠮᠡᠭᠳᠡᠭᠦᠯᠬᠦ ᠨᠢ ᠵᠠᠶᠢᠯᠠᠰᠢ ᠦᠭᠡᠢ ᠶᠤᠮ᠃       ᠭᠡᠪᠡᠴᠦ ᠳᠤᠮᠳᠠᠳᠤ ᠤᠯᠤᠰ ᠪᠣᠯ ᠬᠡᠲᠦ ᠶᠡᠭᠡ ᠬᠡᠪᠴᠢᠶᠡᠨ ᠤ ᠠᠵᠤ ᠠᠬᠤᠶ ᠶᠢᠨ ᠴᠣᠭᠴᠠ ᠮᠥᠨ᠂ ᠠᠮᠧᠷᠢᠺᠠ ᠶᠢᠨ ᠪᠣᠭᠤᠮᠲᠠ ᠶᠢᠨ ᠭᠠᠶᠢᠯᠢ ᠶᠢᠨ ᠡᠵᠡᠷᠬᠡᠭ ᠲᠠᠭᠠᠷᠢᠯᠲᠠ ᠶᠢᠨ ᠡᠮᠦᠨ᠎ᠡ᠂ ᠪᠢᠳᠡ ᠬᠦᠴᠦᠷᠬᠡᠭ ᠶᠡᠭᠡ ᠳᠠᠷᠤᠯᠲᠠ ᠶᠢ ᠡᠰᠡᠷᠭᠦᠴᠡᠬᠦ ᠴᠢᠳᠠᠪᠤᠷᠢ ᠲᠠᠢ ᠶᠤᠮ ᠭᠡᠳᠡᠭ ᠢ ᠣᠯᠵᠤ ᠬᠠᠷᠠᠬᠤ ᠬᠡᠷᠡᠭᠲᠡᠶ᠃ ᠤᠢᠢᠷ᠎ᠠ ᠶᠢᠨ ᠵᠢᠯ ᠠᠴᠠ ᠨᠠᠭᠠᠰᠢ ᠪᠢᠳᠡ ᠤᠯᠠᠨ ᠡᠰᠢᠵᠢᠭᠰᠡᠨ ᠵᠠᠬ᠎ᠠ ᠳᠡᠯᠭᠡᠭᠦᠷ ᠢ ᠢᠳᠡᠪᠬᠢᠲᠡᠢ ᠪᠠᠶᠢᠭᠤᠯᠵᠤ᠂ ᠠᠮᠧᠷᠢᠺᠠ ᠶᠢᠨ ᠵᠠᠬ᠎ᠠ ᠳᠡᠯᠭᠡᠭᠦᠷ ᠲᠤ ᠲᠦᠰᠢᠭᠯᠡᠬᠦ ᠬᠡᠮᠵᠢᠶ᠎ᠡ ᠪᠠᠭᠤᠷᠠᠵᠤ ᠪᠠᠶᠢᠨ᠎ᠠ᠃ ᠮᠠᠨ ᠤ ᠤᠯᠤᠰ ᠤᠨ ᠠᠮᠧᠷᠢᠺᠠ ᠳᠠᠬᠢ ᠭᠠᠳᠠᠭᠠᠳᠤ ᠭᠠᠷᠭᠠᠯᠲᠠ ᠶᠢᠨ ᠡᠵᠡᠯᠡᠬᠦ ᠬᠤᠪᠢ ᠶᠢᠨ ᠵᠢᠩ 2018 ᠣᠨ ᠳᠤ 19.2% ᠪᠠᠶᠢᠭᠰᠠᠨ ᠠᠴᠠ ᠪᠠᠨ 2024 ᠣᠨ ᠳᠤ 14.7% ᠪᠣᠯᠤᠨ ᠪᠠᠭᠤᠷᠠᠵᠤ᠂ ᠠᠮᠧᠷᠢᠺᠠ ᠳᠠᠬᠢ ᠭᠠᠳᠠᠭᠠᠳᠤ ᠭᠠᠷᠭᠠᠯᠲᠠ ᠶᠢᠨ ᠪᠠᠭᠤᠷᠠᠯᠲᠠ ᠨᠢ ᠪᠦᠬᠦ᠋ᠯᠡ ᠠᠵᠤ ᠠᠬᠤᠶ ᠳᠤ ᠨᠤᠷᠠᠭᠠᠯᠲᠠ ᠶᠢᠨ ᠴᠢᠨᠠᠷᠲᠠᠶ ᠨᠥᠯᠥᠭᠡ ᠦᠵᠡᠭᠦᠯᠬᠦ ᠥᠬᠡᠶ ᠶᠤᠮ᠃ ᠠᠮᠧᠷᠢᠺᠠ ᠶᠢᠨ ᠤᠯᠤᠰ ᠤᠨ ᠳᠤᠲᠤᠭᠠᠳᠤ ᠶᠢᠨ ᠴᠥᠭᠡᠨ ᠪᠤᠰᠤ ᠪᠦᠲᠦᠭᠡᠭᠳᠡᠬᠦᠨ ᠤ ᠮᠠᠨ ᠤ ᠤᠯᠤᠰ ᠲᠤ ᠲᠦᠰᠢᠭᠯᠡᠬᠦ ᠬᠡᠮᠵᠢᠶ᠎ᠡ ᠨᠢ ᠨᠡᠯᠢᠶᠡᠳ ᠥᠨᠳᠥᠷ ᠪᠠᠶᠢᠳᠠᠭ᠃ ᠣᠳᠣᠬᠠᠨ ᠳᠤ ᠠᠮᠧᠷᠢᠺᠠ ᠮᠠᠰᠢ ᠤᠯᠠᠨ ᠬᠡᠷᠡᠭᠯᠡᠭᠡ ᠶᠢᠨ ᠵᠦᠢᠯ ᠤᠨ ᠪᠦᠲᠦᠭᠡᠭᠳᠡᠬᠦᠨ ᠤ ᠲᠠᠯ᠎ᠠ ᠪᠠᠷ ᠳᠤᠮᠳᠠᠳᠤ ᠤᠯᠤᠰ ᠠᠴᠠ ᠰᠠᠯᠵᠤ ᠴᠢᠳᠠᠬᠤ ᠦᠭᠡᠢ ᠪᠠᠷ ᠪᠠᠷᠠᠬᠤ ᠦᠭᠡᠢ᠂ ᠮᠠᠰᠢ ᠤᠯᠠᠨ ᠪᠡᠯᠡ ᠣᠷᠣᠭᠤᠯᠤᠯᠲᠠ ᠶᠢᠨ ᠦᠢᠯᠡᠳᠬᠦᠨ ᠪᠠ ᠵᠠᠪᠰᠠᠷ ᠤᠨ ᠦᠢᠯᠡᠳᠬᠦᠨ ᠢ ᠴᠦ ᠳᠤᠮᠳᠠᠳᠤ ᠤᠯᠤᠰ ᠠᠴᠠ ᠣᠷᠣᠭᠤᠯᠬᠤ ᠴᠢᠬᠤᠯᠠᠲᠠᠢ ᠪᠠᠶᠢᠵᠤ᠂ ᠵᠠᠷᠢᠮ ᠲᠦᠷᠦᠯ ᠵᠦᠢᠯ ᠤᠨ ᠲᠦᠰᠢᠭᠯᠡᠬᠦ ᠬᠡᠮᠵᠢᠶ᠎ᠡ ᠨᠢ 50% ᠶᠢ ᠳᠠᠪᠠᠵᠤ᠂ ᠣᠬᠤᠷᠬᠠᠨ ᠬᠤᠭᠤᠴᠠᠭᠠᠨ ᠳᠤ ᠳᠡᠯᠡᠬᠡᠢ ᠶᠢᠨ ᠵᠠᠬ᠎ᠠ ᠳᠡᠯᠭᠡᠭᠦᠷ ᠳᠡᠭᠡᠷ᠎ᠡ ᠠᠴᠠ ᠣᠷᠣᠯᠠᠵᠤ ᠲᠡᠶᠢᠯᠬᠦ ᠢᠷᠡᠯᠲᠡ ᠶᠢ ᠤᠯᠬᠤ ᠳᠤ ᠮᠠᠰᠢ ᠪᠡᠷᠬᠡ ᠪᠠᠶᠢᠨ᠎ᠠ᠃ ᠪᠦᠬᠦ ᠪᠥᠮᠪᠥᠷᠴᠡᠭ ᠤᠨ ᠦᠢᠯᠡᠳᠪᠦᠷᠢᠯᠡᠯ ᠬᠠᠩᠭᠠᠯᠭ᠎ᠠ ᠶᠢᠨ ᠬᠡᠯᠬᠢᠶ᠎ᠡ ᠭᠦᠨᠵᠡᠭᠡᠢ ᠠᠭᠤᠰᠤᠯᠴᠠᠭᠰᠠᠨ ᠠᠬᠤᠢ ᠪᠠᠶᠢᠳᠠᠯ ᠳᠣᠣᠷ᠎ᠠ᠂ ᠳᠤᠮᠳᠠᠳᠤ ᠠᠮᠧᠷᠢᠺᠠ ᠶᠢᠨ ᠠᠷᠠᠯᠵᠢᠶ᠎ᠠ ᠪᠦᠷᠢᠮᠦᠰᠦᠨ ᠲᠠᠰᠤᠷᠠᠬᠤ ᠪᠣᠯᠤᠯᠴᠠᠭ᠎ᠠ ᠦᠭᠡᠢ ᠶᠤᠮ᠃ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭᠠᠨ ᠤ ᠳᠠᠯᠳᠠ ᠬᠦᠴᠦᠨ ᠯᠤᠲᠤ ᠶᠡᠭᠡ ᠪᠠᠶᠢᠵᠤ᠂ ᠡᠳᠦᠷ ᠢᠷᠡᠬᠦᠶ᠎ᠡ ᠮᠠᠨ ᠤ ᠤᠯᠤᠰ ᠤᠨ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠴᠢᠬᠤᠯᠠ ᠰᠠᠭᠤᠷᠢ ᠪᠣᠯᠵᠣ ᠪᠠᠶᠢᠨ᠎ᠠ᠃ ᠮᠠᠨ ᠤ ᠤᠯᠤᠰ ᠪᠣᠯ ᠪᠦᠬᠦ ᠪᠥᠮᠪᠥᠷᠴᠡᠭ ᠤᠨ 150 ᠭᠠᠷᠤᠢ ᠤᠯᠤᠰ ᠪᠠ ᠭᠠᠵᠠᠷ ᠣᠷᠣᠨ ᠤ ᠭᠤᠣᠯ ᠪᠣᠯᠬᠤ ᠠᠷᠠᠯᠵᠢᠶᠠᠨ ᠤ ᠬᠠᠨᠢᠲᠠᠨ ᠮᠥᠨ᠂ 2018 ᠣᠨ ᠠᠴᠠ ᠨᠠᠭᠠᠰᠢ᠂ ᠮᠠᠨ ᠤ ᠤᠯᠤᠰ ᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠳᠠᠬᠢ ᠭᠠᠳᠠᠭᠠᠳᠤ ᠭᠠᠷᠭᠠᠯᠲᠠ ᠶᠢᠨ ᠡᠵᠡᠯᠡᠬᠦ ᠬᠠᠷᠢᠴᠠᠯ 12.8% ᠪᠠᠶᠢᠭᠰᠠᠨ ᠠᠴᠠ ᠪᠠᠨ 16.4% ᠪᠣᠯᠤᠨ ᠳᠡᠭᠡᠭᠰᠢᠯᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠤᠯᠤᠰ ᠲᠠᠬᠢ ᠭᠠᠳᠠᠭᠠᠳᠤ ᠭᠠᠷᠭᠠᠯᠲᠠ ᠶᠢᠨ ᠡᠵᠡᠯᠡᠬᠦ ᠬᠠᠷᠢᠴᠠᠯ 38.7% ᠪᠠᠶᠢᠭᠰᠠᠨ ᠠᠴᠠ ᠪᠠᠨ 47.8% ᠪᠣᠯᠵᠤ ᠳᠡᠭᠡᠭᠰᠢᠯᠡᠭᠰᠡᠨ ᠪᠥᠭᠡᠳ ᠨᠡᠯᠢᠶᠡᠳ ᠲᠦᠷᠭᠡᠨ ᠨᠡᠮᠡᠭᠳᠡᠯ ᠤᠨ ᠬᠠᠨᠳᠤᠰᠢ ᠶᠢ ᠪᠠᠲᠤᠯᠠᠪᠠ᠃ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠤᠨ ᠣᠷᠣᠨ ᠵᠠᠢ ᠥᠷᠭᠡᠨ ᠠᠭᠤᠳᠠᠮ ᠪᠠᠶᠢᠵᠤ᠂ ᠴᠢᠬᠤᠯᠠ ᠶᠡᠭᠡ ᠠᠷᠤ ᠲᠦᠰᠢᠭ ᠪᠣᠯᠤᠨ᠎ᠠ᠃ ᠪᠦᠷᠢᠳᠭᠡᠯ ᠢ ᠦᠨᠳᠦᠰᠦᠯᠡᠪᠡᠯ᠂ 2024 ᠣᠨ ᠳᠤ ᠮᠠᠨ ᠤ ᠤᠯᠤᠰ ᠤᠨ ᠭᠠᠳᠠᠭᠠᠳᠤ ᠭᠠᠷᠭᠠᠯᠲᠠ ᠬᠢᠭᠰᠡᠨ ᠪᠤᠳᠠᠳᠤ ᠦᠷ᠎ᠡ ᠪᠦᠲᠦᠮᠵᠢ ᠲᠠᠢ ᠬᠡᠳᠦᠨ ᠠᠷᠪᠠᠨ ᠲᠦᠮᠡᠨ ᠠᠵᠤ ᠠᠬᠤᠶᠢᠯᠠᠯ ᠤᠨ ᠳᠣᠲᠣᠷ᠎ᠠ᠂ 85% ᠰᠢᠬᠠᠮ ᠤᠨ ᠠᠵᠤ ᠠᠬᠤᠶᠢᠯᠠᠯ ᠨᠢ ᠤᠯᠤᠰ ᠤᠨ ᠳᠤᠲᠤᠭᠠᠲᠤ ᠳᠤ ᠪᠣᠷᠣᠯᠠᠭᠤᠯᠬᠤ ᠲᠤᠬᠠᠶᠢᠯᠠᠭᠰᠠᠨ ᠠᠵᠢᠯ ᠢ ᠵᠡᠷᠭᠡ ᠪᠠᠷ ᠥᠷᠨᠢᠭᠦᠯᠵᠦ᠂ ᠤᠯᠤᠰ ᠤᠨ ᠳᠤᠲᠤᠭᠠᠲᠤ ᠳᠤ ᠪᠣᠷᠣᠯᠠᠭᠤᠯᠤᠭᠰᠠᠨ ᠬᠡᠮᠵᠢᠶ᠎ᠡ ᠨᠢ ᠪᠣᠷᠣᠯᠠᠭᠤᠯᠭ᠎ᠠ ᠶᠢᠨ ᠶᠡᠷᠦᠩᠬᠡᠶ ᠬᠡᠮᠵᠢᠶ᠋ᠨᠨ ᠤ 75% ᠰᠢᠬᠠᠮ ᠢ ᠡᠵᠡᠯᠡᠵᠡᠶ᠃ ᠤᠯᠤᠰ ᠠᠴᠠ ᠶᠠᠭ ︽ᠭᠠᠳᠠᠭᠠᠳᠤ ᠭᠠᠷᠭᠠᠯᠲᠠ ᠶᠢ ᠤᠯᠤᠰ ᠤᠨ ᠳᠤᠲᠤᠭᠠᠲᠤ ᠳᠤ ᠪᠣᠷᠣᠯᠠᠭᠤᠯᠬᠤ ᠪᠤᠯᠭᠠᠨ ᠬᠤᠪᠢᠷᠠᠭᠤᠯᠬᠤ︾ ᠲᠦᠷᠦ ᠶᠢᠨ ᠪᠤᠳᠤᠯᠭ᠎ᠠ ᠶᠢᠨ ᠬᠤᠷᠢᠭ᠎ᠠ ᠲᠦᠭᠵᠢᠷᠡᠯ ᠢ ᠲᠦᠷᠭᠡᠨ ᠨᠡᠪᠲᠡᠷᠡᠭᠦᠯᠵᠦ᠂ ᠪᠣᠭᠤᠮᠲᠠ᠂ ᠳᠣᠲᠣᠭᠠᠳᠤ ᠬᠡᠷᠡᠭᠴᠡᠭᠡ ᠶᠢ ᠥᠷᠭᠡᠳᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠠᠰᠠ ᠬᠦᠴᠦᠯᠡᠨ ᠥᠷᠭᠡᠳᠭᠡᠵᠦ ᠪᠠᠶᠢᠨ᠎ᠠ᠂ ᠳᠣᠲᠣᠭᠠᠳᠤ ᠬᠡᠷᠡᠭᠴᠡᠭᠡ ᠶᠢᠨ ᠵᠠᠬ᠎ᠠ ᠳᠡᠯᠭᠡᠭᠦᠷ ᠤᠨ ᠪᠠᠭᠲᠠᠭᠠᠮᠵᠢ ᠶᠢᠨ ᠦᠢᠯᠡᠳᠦᠯ ᠡᠳᠦᠷ ᠢᠷᠡᠬᠦᠶ᠎ᠡ ᠢᠯᠡᠷᠡᠬᠦ ᠪᠣᠯᠤᠨ᠎ᠠ᠃       ︵ᠬᠤᠶᠠᠷ︶ ᠣᠳᠣᠬᠠᠨ ᠳᠤ ᠮᠠᠨ ᠤ ᠤᠯᠤᠰ ᠤᠨ ᠠᠵᠤ ᠠᠬᠤᠶ ᠲᠣᠭᠲᠠᠭᠤᠨ ᠢᠶᠠᠷ ᠰᠠᠶᠢᠵᠢᠷᠠᠵᠤ᠂ ᠠᠮᠧᠷᠢᠺᠠ ᠶᠢᠨ ᠪᠣᠭᠤᠮᠲᠠ ᠶᠢᠨ ᠭᠠᠶᠢᠯᠢ ᠶᠢᠨ ᠳᠠᠭᠠᠷᠢᠯᠲᠠ ᠶᠢ ᠠᠷᠭᠠᠴᠡᠭᠠᠬᠤ ᠳᠤ ᠢᠲᠡᠭᠡᠯ ᠲᠡᠭᠦᠯᠳᠡᠷ ᠪᠠᠶᠢᠨ᠎ᠠ᠃ 2017 ᠣᠨ ᠳᠤ ᠠᠮᠧᠷᠢᠺᠠ ᠳᠤᠮᠳᠠᠳᠤ ᠤᠯᠤᠰ ᠯᠤᠭ᠎ᠠ ᠠᠷᠠᠯᠵᠢᠶᠠᠨ ᠤ ᠲᠠᠶᠢᠨ ᠢ ᠡᠭᠦᠰᠭᠡᠭᠰᠡᠨ ᠠᠴᠠ ᠨᠠᠭᠠᠰᠢ᠂ ᠠᠮᠧᠷᠢᠺᠠ ᠶᠠᠭᠠᠬᠢᠵᠤ ᠬᠢᠭᠰᠡᠨ ᠴᠦ᠂ ᠶᠠᠭᠠᠬᠢᠵᠤ ᠳᠠᠷᠤᠭᠰᠠᠨ ᠴᠤ᠂ ᠪᠢᠳᠡ ᠢᠮᠠᠭᠲᠠ ᠬᠥᠭᠵᠢᠯᠲᠡ ᠪᠠ ᠲᠠᠪᠰᠢᠯᠳᠠ ᠪᠠᠨ ᠪᠠᠲᠤᠯᠠᠵᠤ᠂ ︽ᠳᠠᠷᠤᠬᠤ ᠲᠤᠳᠤᠮ ᠬᠦᠴᠦᠷᠭᠡᠭᠵᠢᠬᠦ︾ ᠤᠶᠠᠨ ᠬᠠᠳᠠᠨ ᠴᠢᠨᠠᠷ ᠢᠶᠠᠨ ᠢᠯᠡᠷᠡᠭᠦᠯᠪᠡ᠂ ᠡᠨᠡ ᠨᠢ ᠪᠢᠳᠡᠨ ᠤ ᠭᠠᠳᠠᠭᠠᠳᠤ ᠣᠷᠴᠢᠨ ᠤ ᠲᠠᠭᠠᠷᠢᠯᠳᠠ ᠶᠢ ᠠᠷᠭᠠᠴᠡᠭᠠᠬᠤ ᠬᠠᠮᠤᠭ ᠤᠨ ᠶᠡᠭᠡ ᠢᠳᠡ ᠬᠦᠴᠦᠨ ᠪᠣᠯᠪᠠ᠃ ᠠᠵᠤ ᠠᠬᠤᠢ ᠶᠢᠨ ᠤᠷᠴᠢᠯ ᠲᠠᠰᠤᠷᠠᠯᠲᠠ ᠦᠭᠡᠢ ᠰᠠᠶᠢᠵᠢᠷᠠᠪᠠ᠃ ᠣᠶᠢᠷ᠎ᠠ ᠶᠢᠨ ᠵᠢᠯ ᠠᠴᠠ ᠨᠠᠭᠠᠰᠢ ᠪᠢᠳᠡ ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠬᠡᠷᠡᠭᠴᠡᠭᠡ ᠶᠢ ᠰᠠᠶᠢᠵᠢᠷᠠᠭᠤᠯᠤᠨ᠂ ᠤᠯᠤᠰ ᠤᠨ ᠳᠣᠲᠣᠭᠠᠳᠤ ᠶᠢᠨ ᠠᠵᠤ ᠠᠬᠤᠶ ᠶᠢᠨ ᠣᠷᠴᠢᠯ ᠢ ᠰᠠᠭᠠᠳ ᠥᠬᠡᠶ ᠨᠡᠪᠲᠡᠷᠡᠭᠦᠯᠵᠦ᠂ ᠠᠵᠤ ᠠᠬᠤᠶ ᠶᠢᠨ ᠳᠣᠲᠣᠭᠠᠳᠤ ᠬᠦ᠋ᠳᠡᠯᠭᠡᠬᠦ ᠬᠦᠴᠦᠨ ᠢᠯᠡᠳᠲᠡ ᠴᠢᠩᠭᠠᠷᠠᠪᠠ᠃ ᠢᠯᠠᠩᠭᠤᠶ᠎ᠠ ᠨᠢᠳᠤᠨᠤᠨ ᠤ 9 ᠰᠠᠷ᠎ᠠ ᠶᠢᠨ 26 ᠤ ᠡᠳᠦᠷ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ ᠳᠠᠷᠠᠭ᠎ᠠ᠂ ᠠᠯᠢ ᠣᠯᠠᠨ ᠨᠡᠮᠡᠭᠳᠡᠯ ᠲᠥ᠋ᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠭᠳᠠᠬᠤ ᠶᠢ ᠳᠠᠭᠠᠯᠳᠤᠨ᠂ ᠤᠯᠤᠰ ᠤᠨ ᠳᠣᠲᠣᠭᠠᠳᠤ ᠶᠢᠨ ᠠᠵᠤ ᠠᠬᠤᠶ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠪᠣᠯᠤᠨ᠎ᠠ᠃ ᠡᠨᠡ ᠵᠢᠯ ᠤᠨ ᠲᠦᠷᠦᠭᠦᠦ ᠬᠤᠶᠠᠷ ᠰᠠᠷ᠎ᠠ ᠳᠤ᠂ ᠪᠠᠯᠠ ᠣᠷᠣᠭᠤᠯᠤᠯᠲᠠ᠂ ᠬᠡᠷᠡᠭᠯᠡᠭᠡ ᠵᠡᠷᠭᠡ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢᠨ ᠨᠡᠮᠡᠭᠳᠡᠯ ᠵᠢᠱᠢᠯᠲᠡ ᠠᠴᠠ ᠰᠠᠶᠢᠨ ᠪᠠᠶᠢᠵᠤ᠂ ᠭᠠᠳᠠᠭᠠᠳᠤ ᠭᠠᠷᠭᠠᠯᠲᠠ ᠠᠩᠬ᠎ᠠ ᠠᠯᠬᠤᠮ ᠰᠢᠯᠭᠠᠯᠲᠠ ᠶᠢ ᠳᠠᠭᠠᠭᠠᠵᠤ᠂ ᠦᠢᠯᠡᠳᠬᠦ ᠦᠢᠯᠡᠰ ᠪᠠ ᠦᠢᠯᠡᠴᠢᠯᠡᠭᠡᠨ ᠤ ᠦᠢᠯᠡᠰ ᠤᠨ PMI ᠦᠷᠭᠦᠯᠵᠢᠯᠡᠨ ᠳᠡᠭᠡᠭᠰᠢᠯᠡᠵᠦ᠂ ᠲᠦᠷᠦᠬᠦᠦ ᠤᠯᠠᠷᠢᠯ ᠳᠤ 5% ᠠᠴᠠ ᠳᠡᠭᠡᠭᠰᠢᠬᠢ ᠨᠡᠮᠡᠭᠳᠡᠯ ᠢ ᠪᠡᠶᠡᠯᠡᠭᠦᠯᠬᠦ ᠪᠣᠯᠤᠮᠵᠢ ᠲᠠᠢ ᠪᠠᠶᠢᠨ᠎ᠠ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠢᠶᠠᠷ ᠡᠨᠤᠷᠬᠢ ᠤᠯᠭᠤᠬᠤ ᠪᠠᠷ ᠦᠷᠭᠦᠯᠵᠢᠯᠡᠨ ᠬᠦᠴᠦᠯᠡᠵᠦ ᠪᠠᠶᠢᠨ᠎ᠠ᠃ ᠪᠢᠳᠡ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠡᠨᠡ ᠬᠦ ᠬᠠᠮᠤᠭ ᠤᠨ ᠴᠢᠬᠤᠯᠠ ᠬᠠᠩᠭᠠᠯᠭ᠎ᠠ ᠶᠢ ᠠᠳᠬᠤᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠳᠠᠶᠢᠴᠢᠯᠠᠬᠤ ᠶᠢ ᠪᠠᠷᠢᠮᠲᠠᠯᠠᠵᠤ᠂ ᠬᠤᠷᠠᠮᠠᠯ ᠴᠠᠬᠢᠯᠭᠠᠨ ᠬᠡᠯᠬᠢᠶ᠎ᠡ᠂ ᠵᠣᠬᠢᠶᠠᠮᠠᠯ ᠤᠶᠤᠨ ᠴᠢᠳᠠᠪᠤᠷᠢ᠂ ᠬᠥᠮᠦᠨ ᠳᠦᠷᠰᠦᠲᠦ ᠮᠠᠰᠢᠨ ᠬᠥᠮᠦᠨ ᠵᠡᠷᠭᠡ ᠬᠦᠷᠢᠶᠡᠨ ᠳᠤ ᠤᠯᠠᠨ ᠲᠠᠯ᠎ᠠ ᠪᠠᠷ ᠰᠢᠪᠲᠤᠯᠤᠯᠲᠠ ᠭᠠᠷᠭᠠᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠯᠤᠲᠤ ᠶᠡᠭᠡ ᠠᠮᠢᠵᠢᠷᠠᠯ ᠤᠨ ᠬᠦᠴᠦᠨ ᠢ ᠢᠯᠡᠷᠡᠭᠦᠯᠪᠡ᠃ ︽ᠪᠣᠭᠤᠮᠢ ᠪᠤᠯᠬᠤ︾᠂ ᠳᠠᠷᠤᠵᠤ ᠬᠤᠷᠢᠭᠯᠠᠬᠤ ᠨᠢ ᠬᠡᠳᠡᠷᠬᠦ ᠪᠠᠨ ᠳᠤᠮᠳᠠᠳᠤ ᠤᠯᠤᠰ ᠢ ᠱᠠᠯᠠᠪᠳᠠᠭᠤᠯᠵᠤ ᠭᠤᠣᠯᠳᠠᠯᠭ᠎ᠠ ᠲᠠᠢ ᠬᠦᠷᠢᠶᠡᠨ ᠳᠠᠬᠢ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢ ᠲᠦᠷᠭᠡᠨ ᠪᠡᠶᠡᠯᠡᠭᠦᠯᠬᠦ ᠪᠤᠯᠭᠠᠨ᠎ᠠ᠃ ᠲᠦᠭᠰᠢᠭᠦᠷᠢ ᠶᠢ ᠨᠠᠮᠳᠠᠭᠠᠬᠤ ᠦᠷ᠎ᠡ ᠪᠦᠲᠦᠮᠵᠢ ᠢᠯᠡᠳᠲᠡ ᠪᠣᠯᠪᠠ᠃       ᠤᠢᠢᠷ᠎ᠠ ᠶᠢᠨ ᠵᠢᠯ ᠠᠴᠠ ᠨᠠᠭᠠᠰᠢ᠂ ᠪᠢᠳᠡ ᠳᠣᠲᠣᠭᠠᠳᠤ ᠭᠠᠳᠠᠭᠠᠳᠤ ᠶᠢᠨ ᠳᠠᠷᠤᠯᠲᠠ ᠶᠢ ᠲᠠᠭᠠᠭᠠᠵᠤ᠂ ᠬᠦᠴᠢᠷ ᠮᠥᠷᠲᠡᠭᠡᠨ ᠵᠥᠪ ᠶᠠᠪᠤᠳᠠᠯ ᠬᠢᠬᠦ ᠶᠢ ᠪᠠᠷᠢᠮᠲᠠᠯᠠᠵᠤ᠂ ᠭᠡᠷ ᠭᠠᠵᠠᠷ ᠤᠨ ᠬᠦᠷᠦᠩᠭᠡ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ᠂ ᠳᠤᠮᠳᠠ ᠪᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠦᠷᠭᠦᠯᠵᠢᠯᠡᠨ ᠠᠷᠢᠯᠭᠠᠪᠠ᠃ ᠣᠳᠣᠬᠠᠨ ᠳᠤ᠂ ᠭᠤᠷᠪᠠᠨ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠵᠤ᠂ ᠨᠠᠮᠳᠠᠬᠤ ᠪᠠᠶᠢᠳᠠᠯ ᠳᠤ ᠣᠷᠣᠰᠢᠵᠤ ᠪᠠᠶᠢᠨ᠎ᠠ᠃ ᠬᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠠᠷᠠᠯᠵᠢᠶ᠎ᠠ ᠪᠠ ᠨᠡᠶᠢᠭᠡᠮ ᠤᠨ ᠢᠲᠡᠭᠡᠯ ᠵᠣᠷᠢᠭ ᠲᠤ ᠢᠳᠡᠪᠬᠢᠲᠡᠶ ᠬᠤᠪᠢᠷᠠᠯᠲᠠ ᠭᠠᠷᠴᠤ᠂ ᠲᠤᠮᠤ ᠬᠤᠲᠠ ᠶᠢᠨ ᠰᠠᠶᠢᠵᠢᠷᠠᠬᠤ ᠬᠠᠨᠳᠤᠰᠢ ᠨᠡᠯᠢᠶᠡᠳ ᠢᠯᠡᠷᠬᠡᠶ ᠪᠠᠶᠢᠨ᠎ᠠ᠃ ᠡᠯ᠎ᠡ ᠲᠠᠯ᠎ᠠ ᠶᠢᠨ ᠵᠢᠱᠢᠯᠲᠡ ᠲᠠᠰᠤᠷᠠᠯᠲᠠ ᠦᠭᠡᠢ ᠰᠠᠶᠢᠵᠢᠷᠠᠪᠠ᠃ ᠮᠠᠨ ᠤ ᠤᠯᠤᠰ ᠤᠨ ᠣᠷᠳᠣ ᠬᠤᠭᠤᠴᠠᠭᠠᠨ ᠤ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ᠂ ᠲᠠᠰᠤᠷᠠᠯᠲᠠ ᠥᠬᠡᠶ ᠰᠢᠯᠢᠳᠡᠭᠵᠢᠵᠦ ᠪᠠᠶᠢᠭ᠎ᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠂ ᠬᠠᠷᠠᠯᠲᠠ ᠪᠠᠨ ᠰᠤᠯᠠᠷᠠᠭᠤᠯᠤᠯ ᠥᠬᠡᠶ ᠴᠢᠩᠭ᠎ᠠ ᠠᠳᠬᠤᠵᠤ᠂ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠬᠤ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠨᠢ ᠠᠵᠤ ᠠᠬᠤᠶᠢᠯᠠᠯ ᠳᠤ ᠣᠷᠳᠣ ᠬᠤᠭᠤᠴᠠᠭᠠᠨ ᠤ ᠲᠣᠭᠲᠠᠭᠤᠨ ᠵᠢᠱᠢᠯᠲᠡ ᠬᠠᠩᠭᠠᠪᠠ᠃ ᠡᠨᠡ ᠵᠢᠯ ᠠᠴᠠ ᠨᠠᠭᠠᠰᠢ᠂ ᠮᠠᠨ ᠤ ᠤᠯᠤᠰ ᠤᠨ ᠠᠵᠤ ᠠᠬᠤᠶ ᠶᠢᠨ ᠢᠷᠡᠭᠡᠳᠦᠶ ᠶᠢᠨ ᠲᠤᠬᠠᠶ ᠤᠯᠤᠰ ᠤᠨ ᠳᠣᠲᠣᠭᠠᠳᠤ ᠭᠠᠳᠠᠭᠠᠳᠤ ᠶᠢᠨ ᠦᠵᠡᠯᠲᠡ ᠢᠯᠡᠳᠲᠡ ᠰᠠᠶᠢᠵᠢᠷᠠᠵᠤ᠂ ᠠᠵᠤ ᠠᠬᠤᠶ ᠶᠢᠨ ᠬᠠᠮᠲᠤᠷᠠᠯᠴᠠᠭ᠎ᠠ ᠪᠠ ᠬᠥᠭᠵᠢᠯᠲᠡ ᠶᠢᠨ ᠵᠣᠬᠢᠶᠠᠨ ᠪᠠᠶᠢᠭᠤᠯᠤᠯᠲᠠ ᠵᠡᠷᠭᠡ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠵᠢᠴᠢ ᠸᠤᠯ ᠵᠡᠭᠡᠯᠢ ᠶᠢᠨ ᠮᠠᠰᠢ ᠣᠯᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠴᠥᠮ ᠮᠠᠨ ᠤ ᠤᠯᠤᠰ ᠤᠨ ᠠᠵᠤ ᠠᠬᠤᠶ ᠶᠢᠨ ᠨᠡᠮᠡᠭᠳᠡᠯ ᠤᠨ ᠲᠤᠬᠠᠶ ᠵᠢᠱᠢᠯᠲᠡ ᠪᠠᠨ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠬᠥᠷᠥᠩᠭᠡ ᠶᠢᠨ ᠵᠠᠬ᠎ᠠ ᠳᠡᠯᠭᠡᠭᠦᠷ ᠲᠤ ᠢᠲᠡᠭᠡᠯ ᠲᠠᠢ ᠪᠠᠶᠢᠬᠤ ᠪᠠᠶᠢᠬᠤ ᠪᠥᠭᠡᠳ ᠳᠤᠮᠳᠠᠳᠤ ᠤᠯᠤᠰ ᠤᠨ ︽ᠲᠣᠭᠲᠠᠭᠠᠯᠲᠤ ᠴᠢᠨᠠᠷ︾ ᠢ ᠠᠮᠧᠷᠢᠺᠠ ᠶᠢᠨ ︽ᠲᠣᠭᠲᠠᠭᠠᠯᠲᠤ ᠪᠤᠰᠤ ᠴᠢᠨᠠᠷ︾ ᠤᠨ ᠠᠶᠤᠯ ᠠᠴᠠ ᠵᠠᠶᠢᠯᠠᠬᠤ ᠤᠷᠤᠴᠡ ᠪᠤᠯᠭᠠᠵᠤ ᠪᠤᠯᠤᠨ᠎ᠠ᠃       ︵ᠭᠤᠷᠪᠠ︶ ᠠᠮᠧᠷᠢᠺᠠ ᠶᠢᠨ ᠳᠤᠷ᠎ᠠ ᠪᠠᠷ ᠢᠶᠠᠨ ᠪᠣᠭᠤᠮᠲᠠ ᠶᠢᠨ ᠭᠠᠶᠢᠯᠢ ᠶᠢᠨ ᠲᠦᠷᠦ ᠶᠢᠨ ᠪᠤᠳᠤᠯᠭ᠎ᠠ ᠬᠡᠷᠡᠭᠵᠢᠭᠦᠯᠬᠦ ᠨᠢᠳᠤ ᠦᠭᠡᠢ ᠨᠢᠳᠤᠷᠭ᠎ᠠ ᠳᠤ ᠪᠢᠳᠡ ᠳᠤᠲᠤᠷ᠎ᠠ ᠪᠠᠨ ᠲᠤᠭ᠎ᠠ ᠲᠠᠢ ᠪᠦᠭᠡᠳ ᠠᠷᠭᠠᠴᠠᠭᠠᠬᠤ ᠠᠷᠭ᠎ᠠ ᠲᠠᠢ᠃ ᠪᠢᠳᠠ ᠨᠢᠭᠡᠨᠲᠡ ᠠᠮᠧᠷᠢᠺᠠ ᠲᠠᠢ 8 ᠵᠢᠯ ᠤᠨ ᠠᠷᠠᠯᠵᠢᠶᠠᠨ ᠤ ᠳᠠᠶᠢᠨ ᠬᠢᠵᠦ᠂ ᠡᠯᠪᠡᠭ ᠪᠠᠶᠠᠯᠢᠭ ᠲᠡᠮᠡᠴᠡᠯ ᠤᠨ ᠲᠤᠷᠰᠢᠯᠭ᠎ᠠ ᠶᠢ ᠬᠤᠷᠠᠮᠳᠤᠭᠤᠯᠪᠠ᠃ ᠬᠡᠳᠦ᠋ᠪᠡᠷ ᠣᠯᠠᠨ ᠤᠯᠤᠰ ᠤᠨ ᠵᠠᠬ᠎ᠠ ᠳᠡᠯᠭᠡᠭᠦᠷ ᠨᠡᠶᠢᠳᠡᠮ ᠳᠡᠭᠡᠨ ᠠᠮᠧᠷᠢᠺᠠ ᠶᠢᠨ ᠳᠤᠷ᠎ᠠ ᠪᠠᠷ ᠢᠶᠠᠨ ᠪᠣᠭᠤᠮᠲᠠ ᠶᠢᠨ ᠭᠠᠶᠢᠯᠢ ᠶᠢᠨ ᠲᠦᠷᠦ ᠶᠢᠨ ᠪᠤᠳᠤᠯᠭ᠎ᠠ ᠬᠡᠷᠡᠭᠵᠢᠭᠦᠯᠦᠭᠰᠡᠨ ᠨᠢ ᠵᠢᠱᠢᠯᠲᠡ ᠠᠴᠠ ᠳᠠᠪᠠᠵᠠᠢ ᠭᠡᠵᠦ ᠦᠵᠡᠵᠦ ᠪᠠᠶᠢᠭ᠎ᠠ ᠪᠣᠯᠪᠠᠴᠤ ᠨᠠᠮ ᠤᠨ ᠲᠥᠪ ᠬᠤᠷᠢᠶ᠎ᠠ ᠠᠴᠠ ᠠᠮᠧᠷᠢᠺᠠ ᠶᠢᠨ ᠲᠠᠯ᠎ᠠ ᠶᠢᠨ ᠬᠢᠨ ᠤ ᠮᠠᠨ ᠤ ᠤᠯᠤᠰ ᠲᠤ ᠬᠡᠷᠡᠭᠵᠢᠭᠦᠯᠦᠭᠰᠡᠨ ᠰᠢᠨ᠎ᠡ ᠨᠢᠭᠡ ᠡᠭᠡᠯᠵᠢ ᠶᠢᠨ ᠠᠵᠤ ᠠᠬᠤᠶ ᠠᠷᠠᠯᠵᠢᠶᠠᠨ ᠤ ᠳᠠᠷᠤᠯᠲᠠ ᠶᠢ ᠬᠤᠷᠢᠭᠯᠠᠬᠤ ᠲᠤᠬᠠᠶ ᠨᠢᠭᠡᠨᠲᠡ ᠤᠷᠢᠳᠴᠢᠯᠠᠨ ᠮᠠᠭᠠᠳᠯᠠᠯᠲᠠ ᠬᠢᠵᠦ᠂ ᠲᠡᠭᠦᠨ ᠤ ᠤᠴᠠᠷᠠᠭᠤᠯᠵᠤ ᠮᠡᠳᠡᠬᠦ ᠲᠠᠭᠠᠷᠢᠯᠲᠠ ᠶᠢ ᠭᠦᠢᠴᠡᠳ ᠵᠢᠱᠢᠵᠦ᠂ ᠠᠷᠭᠠᠴᠠᠭᠠᠬᠤ ᠪᠡᠯᠡᠳᠭᠡᠯ ᠲᠥᠰᠦᠯ ᠤᠨ ᠤᠷᠢᠳᠴᠢᠯᠠᠭᠰᠠᠨ ᠬᠡᠮᠵᠢᠶ᠎ᠡ ᠪᠠ ᠢᠯᠡᠭᠦᠴᠡ ᠬᠡᠮᠵᠢᠶ᠎ᠡ ᠨᠢ ᠴᠦ ᠨᠡᠯᠢᠶᠡᠳ ᠭᠦᠢᠴᠡᠳ ᠪᠠᠶᠢᠨ᠎ᠠ᠃ ᠨᠢᠳᠤᠨᠤᠨ ᠤ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠠᠴᠠ ᠠᠮᠧᠷᠢᠺᠠ ᠶᠢᠨ ᠰᠢᠨ᠎ᠡ ᠨᠢᠭᠡ ᠡᠭᠡᠯᠵᠢ ᠶᠢᠨ ᠳᠤᠮᠳᠠᠳᠤ ᠤᠯᠤᠰ ᠲᠤ ᠦᠵᠡᠭᠦᠯᠬᠦ ᠬᠤᠷᠢᠭᠯᠠᠯ ᠳᠠᠷᠤᠯᠲᠠ ᠶᠢ ᠬᠡᠷᠬᠢᠨ ᠠᠷᠭᠠᠴᠡᠭᠠᠬᠤ ᠲᠤᠬᠠᠶ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠲᠡᠭᠦᠯᠳᠡᠷᠵᠢᠭᠦᠯᠦᠨ ᠰᠠᠶᠢᠵᠢᠷᠠᠭᠤᠯᠵᠤ᠂ ᠭᠠᠳᠠᠨᠠᠬᠢ ᠨᠥᠯᠥᠭᠡᠯᠡᠯ ᠤᠨ ᠬᠡᠮᠵᠢᠶ᠎ᠡ ᠶᠢ ᠦᠨᠳᠦᠰᠦᠯᠡᠨ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ᠂ ᠵᠤᠷᠰᠢᠯ ᠠᠴᠠ ᠳᠠᠪᠠᠭᠰᠠᠨ ᠰᠥᠷᠭᠡᠦ ᠦᠶᠡᠯᠡᠯ ᠤᠨ ᠬᠤᠭᠤᠴᠠᠭᠠᠨ ᠤ ᠲᠣᠬᠢᠷᠠᠭᠤᠯᠤᠯᠲᠠ ᠶᠢ ᠴᠢᠩᠭᠠᠳᠬᠠᠨ᠂ ᠬᠤᠷᠸ᠎ᠠ ᠡᠵᠡᠮᠳᠡᠯ ᠲᠣᠬᠢᠷᠠᠭᠤᠯᠭ᠎ᠠ ᠶᠢᠨ ᠪᠠᠷᠠᠯᠠᠯᠲᠤ ᠴᠢᠨᠠᠷ᠂ ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠳᠡᠭᠡᠷ᠎ᠡ ᠮᠠᠨ ᠤ ᠨᠡᠶᠢᠳᠡᠯᠡᠭᠰᠡᠨ ᠮᠠᠰᠢ ᠤᠯᠠᠨ ᠲᠦᠷᠦ ᠶᠢᠨ ᠪᠤᠳᠤᠯᠭ᠎ᠠ᠂ ᠵᠢᠱᠢᠶᠡᠯᠡᠪᠡᠯ ᠡᠨᠡ ᠵᠢᠯ ᠤᠨ ᠡᠳ᠋ ᠤᠨ ᠵᠠᠰᠠᠭ ᠤᠨ ᠤᠯᠠᠭᠠᠨ ᠲᠤᠭ᠎ᠠ ᠶᠢᠨ ᠨᠤᠷᠮ᠎ᠠ ᠶᠢ 4% ᠣᠷᠴᠢᠮ ᠢᠶᠠᠷ ᠲᠣᠭᠲᠠᠭᠠᠭᠰᠠᠨ᠂ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ ᠬᠡᠷᠡᠭᠯᠡᠨ ︽ᠬᠤᠶᠠᠷ ᠰᠢᠨᠡᠳᠬᠡᠬᠦ︾᠂ ︽ᠬᠤᠶᠠᠷ ᠴᠢᠬᠤᠯᠠ︾ ᠢᠢ ᠳᠡᠮᠵᠢᠬᠦ ᠪᠠᠨ ᠥᠷᠭᠡᠳᠭᠡᠭᠰᠡᠨ ᠵᠡᠷᠭᠡ ᠪᠣᠯ ᠴᠥᠮ ᠵᠤᠷᠰᠢᠯ ᠠᠴᠠ ᠳᠠᠪᠠᠭᠰᠠᠨ ᠲᠦᠷᠦ ᠶᠢᠨ ᠪᠤᠳᠤᠯᠭ᠎ᠠ ᠶᠢᠨ ᠪᠣᠳᠠᠲᠠᠢ ᠢᠯᠡᠷᠡᠯ ᠮᠥᠨ᠃       ᠬᠤᠶᠢᠰᠢᠳᠠ ᠪᠠᠶᠢᠳᠠᠯ ᠤᠨ ᠬᠡᠷᠡᠭᠴᠡᠭᠡ ᠶᠢ ᠦᠨᠳᠦᠰᠦᠯᠡᠨ᠂ ᠬᠠᠳᠠᠭᠠᠯᠠᠮᠵᠢ ᠶᠢᠨ ᠪᠡᠯᠡᠳᠭᠡᠯ ᠮᠥᠩᠭᠦ ᠶᠢᠨ ᠨᠣᠷᠮ᠎ᠠ ᠶᠢ ᠪᠠᠭᠤᠷᠠᠭᠤᠯᠬᠤ᠂ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠵᠡᠷᠭᠡ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠳᠤ ᠨᠢᠭᠡᠨᠲᠡ ᠭᠦᠢᠴᠡᠳ ᠲᠣᠬᠢᠷᠠᠭᠤᠯᠤᠯᠲᠠ ᠬᠢᠬᠦ ᠣᠷᠣᠨ ᠵᠠᠶ ᠦᠯᠡᠳᠡᠭᠡᠵᠦ ᠦᠭᠪᠡ᠂ ᠴᠠᠭ ᠲᠤᠬᠠᠶ ᠳᠤᠨᠢ ᠨᠡᠶᠢᠲᠡᠯᠡᠵᠦ ᠪᠣᠯᠤᠨ᠎ᠠ︔ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠳᠤ ᠵᠠᠷᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠵᠠᠷᠤᠯᠭ᠎ᠠ ᠶᠢᠨ ᠠᠬᠢᠴᠠ ᠶᠢ ᠲᠦᠷᠭᠡᠳᠭᠡᠨ᠂ ᠡᠳ᠋ ᠤᠨ ᠵᠠᠰᠠᠭ ᠤᠨ ᠤᠯᠠᠭᠠᠨ ᠲᠤᠭ᠎ᠠ᠂ ᠲᠤᠰᠬᠠᠢ ᠵᠦᠢᠯ ᠤᠨ ᠵᠢᠭᠡᠯᠡᠯᠭᠡ᠂ ᠤᠯᠤᠰ ᠤᠨ ᠣᠨᠴᠠᠭᠠᠢ ᠵᠢᠭᠡᠯᠡᠯᠭᠡ ᠵᠡᠷᠭᠡ ᠶᠢᠨ ᠪᠠᠶᠢᠳᠠᠯ ᠢ ᠦᠵᠡᠵᠦ ᠥᠷᠭᠡᠳᠭᠡᠬᠦ ᠣᠷᠣᠨ ᠵᠠᠢ ᠮᠥᠨ ᠯᠡ ᠤᠯᠠᠮ ᠨᠢᠭᠡ ᠠᠯᠬᠤᠮ ᠶᠡᠬᠡᠰᠬᠡᠵᠤ ᠪᠠᠶᠢᠨ᠎ᠠ︔ ᠵᠤᠷᠰᠢᠯ ᠠᠴᠠ ᠳᠠᠪᠠᠭᠰᠠᠨ ᠡᠷᠴᠢᠮ ᠢᠶᠠᠷ ᠤᠯᠤᠰ ᠤᠨ ᠳᠣᠲᠣᠭᠠᠳᠤ ᠶᠢᠨ ᠬᠡᠷᠡᠭᠯᠡᠭᠡ ᠶᠢ ᠬᠥᠭᠵᠢᠭᠡᠵᠦ᠂ ᠨᠢᠭᠡᠨᠲᠡ ᠲᠣᠭᠲᠠᠭᠠᠭᠰᠠᠨ ᠲᠦᠷᠦ ᠶᠢᠨ ᠪᠤᠳᠤᠯᠭ᠎ᠠ ᠶᠢ ᠲᠦᠷᠭᠡᠨ ᠨᠠᠶᠢᠳᠠᠪᠤᠷᠢᠵᠢᠭᠤᠯᠬᠤ ᠶᠢᠨ ᠬᠠᠮᠲᠤ ᠴᠠᠭ ᠲᠤᠨᠢ ᠲᠤᠬᠢᠷᠠᠭᠤᠯᠤᠨ ᠨᠢᠭᠡ ᠪᠦᠯᠦᠭ ᠨᠥᠭᠡᠴᠡ ᠲᠦᠷᠦ ᠶᠢᠨ ᠪᠤᠳᠤᠯᠭ᠎ᠠ ᠶᠢ ᠲᠣᠭᠲᠠᠭᠠᠨ᠎ᠠ︔ ᠦᠨᠡᠨ ᠪᠣᠳᠠᠲᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠷ ᠬᠥᠷᠥᠩᠭᠡ ᠶᠢᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠢᠲᠡᠭᠡᠯ ᠢ ᠲᠣᠭᠲᠠᠪᠤᠷᠢᠵᠢᠭᠤᠯᠵᠤ᠂ ᠬᠤᠯᠪᠣᠭᠳᠠᠯ ᠪᠥᠬᠦᠶ ᠪᠡᠯᠡᠳᠭᠡᠯ ᠲᠥᠰᠦᠯ ᠤᠨ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠬᠦ ᠪᠣᠯᠤᠨ᠎ᠠ︔ ᠡᠯ᠎ᠡ ᠱᠠᠲᠤᠨ ᠤ ᠵᠠᠰᠠᠭ ᠤᠨ ᠣᠷᠳᠣᠨ ︽ᠨᠢᠭᠡ ᠠᠵᠢᠯ ᠲᠦᠷᠦᠯ ᠳᠤ ᠨᠢᠭᠡ ᠲᠥᠰᠦᠯ ᠲᠤᠭᠲᠠᠭᠠᠬᠤ︾᠂ ︽ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ ᠬᠡᠷᠡᠭᠵᠢᠭᠦᠯᠬᠦ︾ ᠪᠠᠷ ᠲᠠᠭᠠᠷᠢᠯᠳᠠ ᠳᠤ ᠨᠡᠯᠢᠶᠡᠳ ᠶᠡᠭᠡ ᠨᠦᠯᠦᠭᠡᠯᠡᠭᠳᠡᠭᠰᠡᠨ ᠠᠵᠢᠯ ᠲᠦᠷᠦᠯ ᠪᠣᠯᠤᠨ ᠠᠵᠤ ᠠᠬᠤᠶᠢᠯᠠᠯ ᠢ ᠤᠨᠢᠨ ᠲᠡᠬᠡᠷ᠎ᠡ ᠨᠢ ᠬᠠᠪᠰᠤᠷᠤᠨ ᠲᠡᠳᠬᠦᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠠᠷᠭ᠎ᠠ ᠪᠤᠳᠤᠯᠭ᠎ᠠ ᠳᠠᠭᠠᠨ ᠲᠤᠬᠢᠷᠠᠭᠤᠯᠤᠯᠳᠠ ᠬᠢᠬᠦ ᠶᠢ ᠲᠡᠮᠵᠢᠵᠤ᠂ ᠠᠵᠤ ᠠᠬᠤᠶᠢᠯᠠᠯ ᠢ ᠵᠢᠯᠣᠭᠤᠳᠤᠨ ᠬᠠᠪᠰᠤᠷᠴᠤ ᠠᠮᠧᠷᠢᠺᠠ ᠯᠤᠭ᠎ᠠ ᠶᠢᠨ ᠠᠷᠠᠯᠵᠢᠶ᠎ᠠ ᠶᠢ ᠠᠯᠢ ᠴᠢᠳᠠᠬᠤ ᠪᠠᠷ ᠪᠠᠲᠤᠯᠠᠬᠤ ᠶᠢᠨ ᠬᠠᠮᠲᠤ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠪᠣᠯᠤᠨ ᠠᠮᠧᠷᠢᠺᠠ ᠠᠴᠠ ᠪᠤᠰᠤᠳ ᠤᠯᠤᠰ ᠤᠨ ᠵᠠᠬ᠎ᠠ ᠳᠡᠯᠭᠡᠭᠦᠷ ᠢ ᠨᠡᠭᠡᠭᠡᠨ᠎ᠡ᠃ ᠡᠭᠦᠨ ᠤ ᠬᠠᠮᠲᠤ᠂ ᠪᠢᠳᠠ ᠠᠮᠧᠷᠢᠺᠠ ᠶᠢᠨ ᠲᠠᠯ᠎ᠠ ᠶᠢ ᠪᠤᠷᠤᠭᠤ ᠬᠢᠳᠡᠯ ᠢᠶᠠᠨ ᠵᠠᠯᠠᠷᠠᠭᠤᠯᠵᠤ᠂ ᠡᠷᠬᠡ ᠲᠡᠭᠰᠢ᠂ ᠬᠦᠨᠳᠦᠳᠭᠡᠬᠦ᠂ ᠬᠠᠷᠢᠯᠴᠠᠨ ᠠᠰᠢᠭᠲᠠᠢ ᠪᠠᠶᠢᠬᠤ ᠠᠷᠭ᠎ᠠ ᠬᠡᠯᠪᠡᠷᠢ ᠪᠠᠷ ᠳᠤᠮᠳᠠᠳᠤ ᠤᠯᠤᠰ ᠪᠣᠯᠤᠨ ᠳᠡᠯᠡᠬᠡᠢ ᠶᠢᠨ ᠡᠯ᠎ᠡ ᠤᠯᠤᠰ ᠲᠠᠢ ᠵᠥᠪᠳᠡᠯᠴᠡᠵᠦ᠂ ᠠᠷᠠᠯᠵᠢᠶᠠᠨ ᠤ ᠵᠥᠷᠢᠯᠳᠦᠭᠡᠨ ᠢᠶᠠᠨ ᠵᠣᠬᠢᠰᠲᠠᠢ ᠰᠢᠢᠳᠪᠦᠷᠢᠯᠡᠬᠦ ᠶᠢ ᠱᠠᠭᠠᠷᠳᠠᠬᠤ ᠪᠤᠯᠤᠨ᠎ᠠ᠃       ︵ᠲᠦᠷᠪᠡ︶ ᠡᠷᠡᠰ ᠭᠤᠶᠢᠪᠢᠰᠢ ᠦᠭᠡᠢ ᠪᠠᠷ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠪᠦᠲᠦᠴᠡ ᠳᠤ ᠲᠤᠬᠢᠷᠠᠭᠤᠯᠤᠯᠳᠠ ᠬᠢᠬᠦ ᠪᠠᠷ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠳᠠ ᠶᠢ ᠠᠷᠭᠠᠴᠡᠭᠠᠬᠤ ᠬᠡᠷᠡᠭᠳᠡᠢ᠃ ᠣᠳᠣᠬᠠᠨ ᠤ ᠳᠡᠯᠡᠬᠡᠢ ᠵᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠬᠥᠭᠵᠢᠵᠦ᠂ ᠠᠮᠧᠷᠢᠺᠠ ᠶᠢᠨ ᠪᠣᠭᠤᠮᠲᠠ ᠶᠢᠨ ᠭᠠᠶᠢᠯᠢ ᠶᠢᠨ ᠲᠦᠷᠦ ᠶᠢᠨ ᠪᠤᠳᠤᠯᠭ᠎ᠠ ᠨᠢ ᠪᠦᠬᠦ ᠪᠥᠮᠪᠥᠷᠴᠡᠭ ᠤᠨ ᠤᠯᠤᠰ ᠲᠦᠷᠦ ᠠᠵᠤ ᠠᠬᠤᠢ ᠶᠢᠨ ᠪᠠᠶᠢᠷᠢᠰᠢᠯ ᠤᠨ ᠬᠠᠨᠳᠤᠰᠢ ᠶᠢᠨ ᠲᠣᠭᠲᠠᠭᠠᠯᠲᠤ ᠪᠤᠰᠤ ᠴᠢᠨᠠᠷ ᠢ ᠤᠯᠠᠮ ᠨᠢᠭᠡ ᠠᠯᠬᠤᠮ ᠬᠤᠷᠴᠠᠳᠬᠠᠪᠠ᠃ ᠪᠥᠬᠦ ᠪᠥᠮᠪᠥᠷᠴᠡᠭ ᠤᠨ ᠬᠠᠷᠢᠭᠤᠴᠠᠯᠭ᠎ᠠ ᠲᠠᠢ ᠲᠣᠮᠣ ᠤᠯᠤᠰ ᠪᠣᠯᠤᠭᠰᠠᠨ ᠤ ᠬᠤᠪᠢ ᠳᠤ᠂ ᠪᠢᠳᠡ ᠳᠠᠷᠤᠯᠲᠠ ᠶᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠮᠧᠷᠢᠺᠠ ᠶᠢᠨ ᠲᠠᠯ᠎ᠠ ᠶᠢᠨ ᠲᠠᠭᠠᠷᠢᠯᠲᠠ ᠶᠢ ᠠᠷᠭᠠᠴᠡᠭᠠᠬᠤ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢᠶᠠᠷ ᠦᠵᠡᠵᠦ᠂ ᠲᠣᠰ ᠪᠡᠶ᠎ᠡ ᠶᠢᠨ ᠲᠣᠭᠲᠠᠭᠤᠨ ᠬᠥᠭᠵᠢᠯᠲᠡ ᠪᠠᠷ ᠢᠶᠠᠨ ᠪᠥᠬᠦ ᠪᠥᠮᠪᠥᠷᠴᠡᠭ ᠤᠨ ᠠᠵᠤ ᠠᠬᠤᠶ ᠶᠢᠨ ᠬᠥᠭᠵᠢᠯᠲᠡ ᠳᠤ ᠨᠠᠩ ᠣᠯᠠᠨ ᠲᠣᠭᠲᠠᠭᠤᠨ ᠴᠢᠨᠠᠷ ᠨᠡᠮᠡᠷᠢᠯᠡᠬᠦ ᠬᠡᠷᠡᠭᠲᠡᠶ᠃ ᠠᠮᠧᠷᠢᠺᠠ ᠯᠤᠭ᠎ᠠ ᠶᠢᠨ ᠥᠨᠳᠥᠷ ᠪᠣᠭᠤᠮᠲᠠ ᠶᠢᠨ ᠭᠠᠶᠢᠯᠢ ᠶᠢᠨ ᠠᠷᠠᠯᠵᠢᠶᠠᠨ ᠤ ᠣᠷᠣᠨ ᠵᠠᠢ ᠶᠢ ᠦᠷᠭᠦᠯᠵᠢᠯᠡᠨ ᠪᠠᠭᠠᠰᠬᠠᠵᠤ ᠪᠠᠶᠢᠬᠤ ᠪᠠᠶᠢᠳᠠᠯ ᠤᠨ ᠡᠮᠦᠨ᠎ᠡ᠂ ᠪᠢᠳᠡ ᠨᠡᠩ ᠴᠤ ᠳᠣᠲᠣᠭᠠᠳᠤ ᠬᠡᠷᠡᠭᠴᠡᠭᠡ ᠶᠢ ᠥᠷᠭᠡᠳᠭᠡᠬᠦ ᠶᠢ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠪᠣᠯᠭᠠᠵᠤ᠂ ᠬᠡᠷᠡᠭᠯᠡᠭᠡ ᠶᠢ ᠠᠵᠤ ᠠᠬᠤᠢ ᠶᠢᠨ ᠨᠡᠮᠡᠭᠳᠡᠯ ᠤᠨ ᠰᠠᠨᠠᠭᠠᠴᠢᠯᠠᠭᠠᠲᠤ ᠬᠦᠴᠦᠨ ᠪᠠ ᠰᠠᠭᠤᠷᠢ ᠴᠢᠯᠠᠭᠤ ᠪᠣᠯᠭᠠᠬᠤ ᠪᠠᠷ ᠴᠢᠷᠮᠠᠶᠢᠵᠤ᠂ ᠭᠡᠳᠤ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠲᠡᠢ᠃ ᠨᠢᠭᠡ ᠲᠠᠯ᠎ᠠ ᠪᠠᠷ᠂ ᠬᠡᠷᠡᠭᠴᠡᠭᠡ ᠶᠢᠨ ᠲᠠᠯ᠎ᠠ ᠠᠴᠠ ᠭᠠᠷᠳᠠᠵᠤ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ ᠳᠠᠷᠤᠭᠠᠰᠤ ᠶᠢ ᠬᠥᠩᠭᠡᠷᠡᠭᠦᠯᠬᠦ ᠶᠢ ᠯᠠᠪᠳᠠᠭᠤᠨ ᠪᠠᠲᠤᠲᠠᠶ ᠠᠬᠢᠭᠤᠯᠬᠤ ᠪᠠᠷ ᠳᠠᠮᠵᠢᠨ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠴᠢᠳᠠᠪᠤᠷᠢ ᠪᠠ ᠬᠦᠰᠡᠯ ᠡᠷᠡᠮᠡᠯᠵᠡᠯ ᠢ ᠳᠡᠭᠡᠭᠰᠢᠯᠡᠭᠦᠯᠬᠦ ᠬᠡᠷᠡᠭᠳᠡᠢ︔ ᠨᠥᠭᠦᠭᠡ ᠲᠠᠯ᠎ᠠ ᠪᠠᠷ᠂ ᠬᠠᠩᠭᠠᠯᠭ᠎ᠠ ᠶᠢᠨ ᠲᠠᠯ᠎ᠠ ᠠᠴᠠ ᠬᠦᠴᠦᠯᠡᠵᠦ᠂ ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠦᠷᠭᠡᠳᠭᠡᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠠᠶᠢᠵᠢᠷᠠᠭᠤᠯᠵᠤ᠂ ᠤᠯᠤᠰ ᠤᠨ ᠳᠣᠲᠣᠭᠠᠳᠤ ᠶᠢᠨ ᠠᠵᠤ ᠠᠬᠤᠶᠢᠯᠠᠯ ᠤᠨ ᠠᠷᠠᠳ ᠣᠯᠠᠨ ᠤ ᠬᠡᠷᠡᠭᠴᠡᠭᠡ ᠪᠠᠷ ᠭᠤᠤᠯ ᠪᠤᠯᠭᠠᠨ ᠴᠢᠨᠠᠷ ᠰᠠᠶᠢᠲᠠᠶ ᠦᠢᠯᠡᠳᠬᠦᠨ ᠪᠠ ᠦᠢᠯᠡᠴᠢᠯᠡᠭᠡ ᠬᠠᠩᠭᠠᠬᠤ ᠶᠢ ᠳᠡᠮᠵᠢᠬᠦ ᠬᠡᠷᠡᠭᠳᠡᠢ᠃       ᠠᠮᠧᠷᠢᠺᠠ ᠶᠢᠨ ᠲᠠᠯ᠎ᠠ ᠶᠢᠨ ᠤᠯᠠᠨ ᠬᠤᠪᠢᠷᠠᠯᠲᠠ᠂ ᠲᠦᠢᠯ ᠤᠨ ᠶᠡᠭᠡ ᠳᠠᠷᠤᠯᠲᠠ ᠶᠢᠨ ᠡᠮᠦᠨ᠎ᠡ᠂ ᠪᠢᠳᠡ ᠬᠡᠯᠡᠯᠴᠡᠭᠡ ᠬᠢᠬᠦ ᠡᠭᠦᠳᠡ ᠪᠠᠨ ᠬᠠᠭᠠᠭᠰᠠᠨ ᠦᠭᠡᠢ ᠪᠣᠯᠪᠠᠴᠤ ᠭᠤᠷᠢᠳᠠᠬᠤ ᠪᠤᠳᠤᠯ ᠡᠪᠦᠷᠯᠡᠬᠦ ᠦᠭᠡᠢ᠂ ᠬᠠᠷᠢᠨ ᠲᠠᠭᠠᠷᠢᠯᠳᠠ ᠶᠢ ᠠᠷᠭᠠᠴᠡᠭᠠᠬᠤ ᠡᠯ᠎ᠡ ᠵᠦᠢᠯ ᠤᠨ ᠪᠡᠯᠡᠳᠭᠡᠯ ᠢ ᠰᠠᠶᠢᠲᠤᠷ ᠬᠢᠵᠡᠢ᠃ ᠳᠡᠭᠡᠷ᠎ᠠ ᠳᠤᠤᠷ᠎ᠠ ᠱᠠᠳᠤ ᠪᠠᠷ ᠢᠶᠠᠨ ᠰᠡᠳᠭᠢᠯ ᠨᠢᠭᠡᠳᠪᠡᠯ ᠢᠯᠠᠯᠲᠠ ᠣᠯᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠪᠠᠯ ᠬᠥᠭᠵᠢᠨ ᠮᠠᠨᠳᠤᠨ᠎ᠠ᠃ ᠪᠢᠳᠡᠨ ᠳᠤ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠤᠢ᠂ ᠬᠦᠴᠦᠨ ᠴᠢᠳᠠᠯ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠬᠦ ᠪᠠᠶᠢᠭᠤᠯᠤᠯ ᠤᠨ ᠳᠠᠪᠠᠭᠤᠯᠢᠭ ᠲᠠᠢ ᠪᠤᠯᠬᠤᠷ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠨ ᠬᠤᠪᠢᠷᠠᠭᠤᠯᠵᠤ᠂ ᠯᠠᠪᠳᠠᠭᠤᠨ ᠢᠶᠠᠷ ᠬᠤᠯᠠ ᠠᠶᠠᠯᠠᠵᠤ ᠴᠢᠳᠠᠬᠤ ᠨᠢ ᠯᠠᠪᠲᠠᠢ ᠶᠤᠮ᠃ ᠶᠠᠭ ᠶᠡᠷᠦᠩᠬᠡᠢ ᠱᠦᠵᠢ ᠰᠢ ᠶᠢᠨ ᠫᠢᠩ ᠤᠨ ᠵᠢᠭᠠᠵᠤ ᠭᠠᠷᠭᠠᠭᠰᠠᠨᠴᠢᠯᠠᠨ᠄ ︽ᠳᠤᠮᠳᠠᠳᠤ ᠤᠯᠤᠰ ᠤᠨ ᠠᠵᠤ ᠠᠬᠤᠢ ᠪᠣᠯ ᠨᠡᠯᠦᠭᠡᠷ ᠶᠡᠭᠡ ᠲᠠᠯᠠᠢ ᠮᠥᠨ᠂ ᠬᠠᠷᠢᠨ ᠵᠢᠵᠢᠭ ᠴᠥᠭᠦᠷᠥᠮ ᠪᠢᠰᠢ︾᠃ ᠡᠨᠡ ᠨᠡᠯᠦᠬᠡᠷ ᠶᠡᠭᠡ ᠳᠠᠯᠠᠢ ᠳᠣᠭᠰᠢᠨ ᠰᠠᠯᠬᠢ ᠰᠢᠷᠦᠭᠦᠨ ᠪᠣᠷᠣᠭᠠᠨ ᠤ ᠲᠠᠭᠠᠷᠢᠯᠳᠠ ᠶᠢ ᠳᠠᠭᠠᠭᠠᠵᠤ᠂ ᠠᠷᠠᠯᠵᠢᠶᠠᠨ ᠤ ᠬᠦᠢᠲᠡᠨ ᠤᠷᠤᠰᠬᠠᠯ ᠤᠨ ᠳᠠᠭᠠᠷᠢᠯᠲᠠ ᠶᠢ ᠬᠤᠷᠢᠭᠯᠠᠵᠤ᠂ ᠡᠴᠦᠰ ᠲᠡᠭᠡᠨ ᠲᠡᠯᠡᠬᠡᠢ ᠳ᠋ᠡᠬᠢᠨ ᠳᠤ ᠦᠵᠦᠬᠦᠷ ᠬᠢᠵᠠᠭᠠᠷ ᠦᠬᠡᠢ ᠠᠭᠤᠳᠠᠮ ᠪᠠᠭᠳᠠᠭᠠᠮᠵᠢ ᠪᠠ ᠡᠷᠡᠰ ᠪᠠᠲᠤ ᠵᠳᠡᠬᠡᠯ ᠬᠦᠴᠦᠨ ᠢ ᠬᠡᠷᠡᠴᠢᠯᠡᠬᠦ ᠪᠤᠯᠤᠨ᠎ᠠ᠃       ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 6 ᠤ ᠴᠠᠬᠢᠯᠭᠠᠨ ᠮᠡᠳᠡᠭᠡ︶
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ