ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠩᠬᠠᠳᠤᠭᠠᠷ ᠬᠤᠭᠤᠴᠠᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/4/9
      ᠳᠣᠲᠣᠭᠠᠳᠤ ᠶᠢ ᠬᠠᠮᠠᠭᠠᠯᠠᠬᠤ ᠪᠠᠢᠭᠤᠯᠭ᠎ᠠ ᠶᠢᠨ ᠣᠨᠳᠣᠣ ᠭᠠᠵᠠᠷ ᠬᠠᠮᠵᠢᠯᠴᠠᠨ ᠬᠡᠷᠡᠭ ᠰᠢᠢᠳᠪᠦᠷᠢᠯᠡᠬᠦ ᠠᠵᠢᠯ ᠢ ᠤᠯᠠᠮ ᠴᠢᠨᠠᠭᠰᠢᠳᠠ ᠵᠢᠷᠤᠮᠵᠢᠭᠤᠯᠵᠤ᠂ ᠠᠷᠠᠳ ᠤᠨ ᠴᠠᠭᠳᠠᠭ᠎ᠠ ᠶᠢᠨ ᠣᠨᠳᠣᠣ ᠭᠠᠵᠠᠷ ᠬᠡᠷᠡᠭ ᠰᠢᠢᠳᠪᠦᠷᠢᠯᠡᠬᠦ ᠦᠢᠯᠡᠳᠦᠯᠭᠡ ᠳᠤᠮᠳᠠ ᠣᠷᠣᠰᠢᠵᠤ ᠪᠠᠢᠭ᠎ᠠ ᠬᠠᠮᠵᠢᠯᠴᠠᠬᠤ ᠵᠢᠷᠤᠮ ᠨᠢ ᠵᠢᠷᠤᠮᠵᠢᠯ ᠦᠭᠡᠢ᠂ ᠬᠡᠷᠡᠭ ᠤᠨ ᠬᠠᠷᠢᠶᠠᠯᠠᠯ ᠨᠢ ᠲᠣᠳᠣᠷᠬᠠᠢ ᠦᠭᠡᠢ ᠵᠡᠷᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢᠨ ᠲᠤᠰᠠᠳᠠ᠂ ᠣᠶᠢᠷ᠎ᠠ ᠶᠢᠨ ᠡᠳᠦᠷ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨᠠᠨ ᠪᠠᠢᠴᠠᠭᠠᠬᠤ ᠵᠠᠬᠢᠳᠠᠯ ᠰᠤᠷᠪᠤᠯᠵᠢᠯᠠᠭ᠎ᠠ ᠶᠢᠨ ᠶᠡᠭᠡ ᠠᠩᠭᠢ ᠣᠨᠳᠣᠣ ᠭᠠᠵᠠᠷ ᠬᠡᠷᠡᠭ ᠰᠢᠢᠳᠪᠦᠷᠢᠯᠡᠬᠦ ᠬᠠᠤᠯᠢ ᠬᠡᠷᠡᠭᠵᠢᠭᠦᠯᠬᠦ ᠪᠣᠯᠪᠠᠰᠤᠷᠠᠯ ᠡᠷᠬᠢᠯᠡᠵᠦ᠂ ᠡᠯ᠎ᠡ ᠬᠡᠷᠡᠭ ᠰᠢᠢᠳᠪᠦᠷᠢᠯᠡᠬᠦ ᠰᠠᠯᠠᠭ᠎ᠠ ᠮᠥᠴᠢᠷ ᠤᠨ ᠠᠷᠠᠳ ᠤᠨ ᠲᠤᠰᠠᠯᠠᠬᠤ ᠴᠠᠭᠳᠠᠭ᠎ᠠ ᠵᠢᠴᠢ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃
4.9公安局1.jpg
      ᠪᠣᠯᠪᠠᠰᠤᠷᠠᠯ ᠨᠢ ᠣᠨᠣᠯ ᠤᠨ ᠲᠠᠶᠢᠯᠤᠮᠵᠢ ᠪᠠ ᠬᠡᠷᠡᠭ ᠤᠨ ᠵᠢᠱᠢᠶ᠎ᠡ ᠶᠢᠨ ᠵᠠᠳᠠᠯᠤᠯᠲᠠ ᠶᠢ ᠤᠶᠠᠯᠳᠤᠭᠤᠯᠬᠤ᠂ ᠬᠢᠴᠢᠶᠡᠯ ᠤᠨ ᠲᠠᠩᠬᠢᠮ ᠤᠨ ᠲᠠᠶᠢᠯᠤᠮᠵᠢ ᠬᠢᠬᠦ ᠪᠠ ᠬᠠᠷᠢᠯᠴᠠᠨ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠦᠨᠡᠨ ᠪᠣᠳᠠᠲᠠᠶ ᠬᠡᠷᠡᠭ ᠤᠨ ᠵᠢᠱᠢᠶ᠎ᠡ ᠶᠢᠨ ᠭᠦᠨᠵᠡᠭᠡᠶ ᠵᠠᠳᠠᠯᠤᠯᠲᠠ ᠬᠢᠬᠦ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠨ ᠳᠤ ᠣᠨᠳᠣᠤ ᠭᠠᠵᠠᠷ ᠲᠤ ᠬᠠᠮᠵᠢᠯᠴᠠᠨ ᠬᠡᠷᠡᠭ ᠰᠢᠢᠳᠪᠦᠷᠢᠯᠡᠬᠦ ᠳᠤᠮᠳᠠ ᠭᠠᠷᠴᠤ ᠮᠡᠳᠡᠬᠦ ᠠᠰᠠᠭᠤᠳᠠᠯ ᠵᠢᠴᠢ ᠠᠷᠭᠠᠴᠠᠬᠤ ᠠᠷᠭ᠎ᠠ ᠪᠣᠳᠣᠯᠭ᠎ᠠ ᠶᠢ ᠨᠠᠩ ᠰᠢᠭᠤᠳ ᠣᠶᠢᠯᠠᠭᠠᠭᠤᠯᠪᠠ᠃ ᠪᠣᠯᠪᠠᠰᠤᠷᠠᠯ ᠳᠤ᠂ ᠱᠠᠯᠠᠪᠳᠠᠨ ᠪᠠᠶᠢᠴᠠᠭᠠᠬᠤ ᠵᠠᠬᠢᠳᠠᠯ ᠰᠤᠷᠪᠤᠯᠵᠢᠯᠠᠭ᠎ᠠ ᠶᠢᠨ ᠶᠡᠭᠡ ᠠᠩᠭᠢ ᠶᠢᠨ ᠳᠡᠳ᠋ ᠳᠠᠷᠤᠭ᠎ᠠ ᠰᠤᠷᠤᠯᠴᠠᠯᠭ᠎ᠠ ᠶᠢ ᠴᠢᠩᠭᠠᠳᠬᠠᠬᠤ᠂ ᠴᠢᠩᠭ᠎ᠠ ᠬᠡᠷᠡᠭᠵᠢᠭᠦᠯᠬᠦ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ᠂ ᠵᠢᠷᠤᠮᠵᠢᠭᠤᠯᠤᠨ ᠬᠢᠨᠠᠨ ᠬᠠᠷᠭᠤᠭᠤᠯᠬᠤ᠂ ᠬᠠᠷᠢᠭᠤᠴᠠᠯᠭ᠎ᠠ ᠶᠢ ᠴᠢᠩᠭᠠᠳᠬᠠᠬᠤ᠂ ᠬᠢᠨᠠᠯᠲᠠ ᠲᠠᠯᠪᠢᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠬᠠᠤᠯᠢ ᠬᠡᠷᠡᠭᠵᠢᠭᠦᠯᠬᠦ ᠲᠠᠯ᠎ᠠ ᠶᠢᠨ ᠠᠵᠢᠯ ᠤᠨ ᠱᠠᠭᠠᠷᠳᠠᠯᠭ᠎ᠠ ᠳᠤᠷᠠᠳᠪᠠ᠃      ᠲᠣᠰ ᠤᠳᠠᠭᠠᠨ ᠤ ᠪᠣᠯᠪᠠᠰᠤᠷᠠᠯ ᠤᠨ ᠵᠣᠷᠢᠯᠭ᠎ᠠ ᠨᠢ ᠬᠠᠤᠯᠢ ᠬᠡᠷᠡᠭᠵᠢᠭᠦᠯᠬᠦ ᠠᠵᠢᠯᠲᠠᠨ ᠤ ᠪᠤᠳᠤᠯᠢᠶᠠᠨᠲᠠᠶ ᠣᠨᠳᠣᠤ ᠭᠠᠵᠠᠷ ᠲᠤ ᠬᠠᠤᠯᠢ ᠬᠡᠷᠡᠭᠵᠢᠭᠦᠯᠬᠦ ᠣᠷᠴᠢᠨ ᠨᠥᠬᠦᠴᠡᠯ ᠢ ᠨᠡᠮᠡᠭᠳᠡᠭᠦᠯᠬᠦ ᠪᠣᠯᠤᠨ᠎ᠠ᠂ ᠡᠨᠡ ᠨᠢ ᠬᠡᠷᠡᠭ ᠰᠢᠢᠳᠪᠦᠷᠢᠯᠡᠬᠦ ᠶᠠᠰᠤ ᠴᠢᠨᠠᠷ ᠪᠠ ᠬᠠᠮᠵᠢᠯᠴᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠰᠢᠭᠲᠠᠶ ᠶᠤᠮ᠃ ᠲᠠᠷᠠᠭᠠᠴᠢ ᠶᠢᠨ ᠠᠯᠬᠤᠮ ᠳᠤ᠂ ᠱᠠᠯᠠᠪᠳᠠᠨ ᠪᠠᠶᠢᠴᠠᠭᠠᠬᠤ ᠵᠠᠬᠢᠳᠠᠯ ᠰᠤᠷᠪᠤᠯᠵᠢᠯᠠᠭ᠎ᠠ ᠶᠢᠨ ᠶᠡᠭᠡ ᠠᠩᠭᠢ ᠦᠷᠭᠦᠯᠵᠢᠯᠡᠨ ᠲᠣᠭᠲᠠᠭᠰᠠᠨ ᠲᠥᠯᠥᠪᠯᠡᠭᠡ ᠶᠣᠰᠣᠭᠠᠷ ᠬᠠᠤᠯᠢ ᠬᠡᠷᠡᠭᠵᠢᠭᠦᠯᠬᠦ ᠰᠢᠷᠢᠰ ᠪᠣᠯᠪᠠᠰᠤᠷᠠᠯ ᠤᠨ ᠠᠵᠢᠯᠯᠠᠭ᠎ᠠ ᠶᠢ ᠥᠷᠨᠢᠭᠦᠯᠵᠦ᠂ ᠪᠣᠯᠪᠠᠰᠤᠷᠠᠯ ᠤᠨ ᠠᠭᠤᠯᠭ᠎ᠠ ᠪᠠᠨ ᠲᠠᠰᠤᠷᠠᠯᠲᠠ ᠥᠬᠡᠶ ᠪᠠᠶᠠᠯᠢᠭᠵᠢᠭᠤᠯᠵᠤ᠂ ᠪᠣᠯᠪᠠᠰᠤᠷᠠᠯ ᠤᠨ ᠬᠡᠯᠪᠡᠷᠢ ᠶᠢᠨ ᠰᠢᠨ᠎ᠡ ᠶᠢ ᠡᠭᠦᠳᠴᠦ᠂ ᠤᠯᠤᠰ ᠲᠥᠷᠥ ᠶᠢᠨ ᠲᠠᠯ᠎ᠠ ᠪᠠᠷ ᠡᠷᠡᠰ ᠪᠠᠲᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠰᠢᠯᠢᠳᠡᠭ ᠰᠠᠶᠢᠨ᠂ ᠬᠠᠤᠯᠢ ᠬᠡᠷᠡᠭᠵᠢᠭᠦᠯᠬᠦ ᠨᠢ ᠲᠥᠪ ᠭᠤᠤᠯᠴᠢ ᠥᠨᠳᠥᠷ ᠬᠡᠪ ᠪᠣᠯᠪᠠᠰᠤᠷᠠᠯ ᠲᠠᠢ ᠬᠠᠤᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠬᠤ ᠶᠢᠨ ᠲᠥᠯᠥᠭᠡ ᠴᠢᠷᠮᠠᠶᠢᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ