ᠶᠡᠷᠦᠩᠬᠡᠶ ᠱᠦᠵᠢ ᠰᠢ ᠶᠢᠨ ᠫᠢᠩ ᠤᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠲᠡᠯᠡᠶ ᠤᠯᠤᠰ ᠤᠨ ᠦᠮᠴᠢᠯᠡᠯᠲᠦ ᠣᠶ ᠰᠢᠭᠤᠶ ᠶᠢᠨ ᠲᠠᠯᠠᠪᠠᠶ ᠳᠤ ᠬᠦᠷᠴᠦ᠂ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ | ᠮᠣᠳᠣ ᠳᠠᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠡᠪᠯᠡᠯ ᠤᠨ ᠬᠤᠷᠢᠶ᠎ᠠ᠂ | ᠣᠷᠱᠣᠨ ᠪᠠᠭ᠎ᠠ ᠰᠤᠷᠭᠠᠭᠤᠯᠢ ᠶᠢᠨ ᠨᠠᠮ ᠤᠨ ᠡᠭᠦᠷ ᠤᠨ 90 ᠭᠠᠷᠤᠶ ᠬᠥᠮᠦᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠠᠵᠢᠯ ᠤᠨ ᠬᠤᠪᠢᠶᠠᠷᠢᠯᠠᠯ ᠶᠣᠰᠣᠭᠠᠷ᠂ ᠬᠠᠮᠵᠢᠯᠴᠠᠨ ᠬᠠᠮᠲᠤᠷᠠᠯᠴᠠᠵᠤ᠂ ᠠᠵᠢᠯ ᠤᠨ ᠲᠡᠰ | ᠳᠠᠷᠠᠭᠠᠯᠠᠯ ᠨᠢᠭᠡᠪᠦᠷᠢ ᠶᠢ ᠨᠠᠷᠢᠨ ᠬᠢᠨᠠᠮᠠᠭᠠᠢ ᠪᠡᠶᠡᠯᠡᠭᠦᠯᠪᠡ᠃ ᠬᠦᠷᠵᠡ ᠪᠠᠷᠢᠵᠤ ᠰᠢᠷᠣᠢ ᠨᠡᠮᠡᠵᠦ᠂ ᠴᠢᠬᠢ ᠮᠣᠳᠣ ᠲᠠᠷᠢᠵᠤ ᠰᠢᠷᠣᠢ ᠨᠡᠮᠡᠵᠦ᠂ ᠠᠵᠢᠯᠯᠠᠭ᠎ᠠ ᠨᠢ | ᠪᠣᠯᠪᠠᠰᠤᠷᠠᠩᠭᠤᠶ ᠮᠥᠷᠲᠡᠭᠡᠨ ᠡᠮᠬᠢ ᠵᠢᠷᠤᠮ ᠲᠠᠢ ᠪᠣᠯᠪᠠ᠃ ᠨᠢᠭᠡ ᠦᠳᠡ ᠶᠢᠨ ᠡᠮᠦᠨᠡᠬᠢ ᠶᠠᠭᠠᠷᠠᠯᠲᠠᠢ ᠠᠵᠢᠯᠯᠠᠬᠤ ᠪᠠᠷ ᠳᠡᠮᠵᠢᠨ᠂ 1000 ᠭᠠᠷᠤᠶ ᠵᠢᠭᠠᠷᠲᠤ | ᠨᠠᠷᠠᠰᠤ ᠲᠡᠷᠢ ᠲᠡᠭᠰᠢ ᠵᠢᠭᠰᠠᠵᠤ᠂ ᠰᠠᠯᠬᠢᠨ ᠤ ᠠᠶ᠎ᠠ ᠪᠠᠷ ᠰᠡᠬᠦ᠋ᠢᠨ ᠰᠦᠨᠳᠡᠷᠯᠡᠵᠦ᠂ ᠬᠤᠰᠢᠭᠤᠨ ᠤ ᠲᠡᠯᠡᠶ ᠤᠯᠤᠰ ᠤᠨ ᠥᠮᠴᠢᠯᠡᠯᠲᠦ ᠣᠶ ᠰᠢᠭᠤᠶ ᠶᠢᠨ | ᠲᠠᠯᠠᠪᠠᠶ ᠳᠤ ᠨᠣᠮᠢᠨ ᠨᠣᠭᠤᠭᠠᠨ ᠥᠩᠭᠡ ᠨᠡᠮᠡᠷᠢᠯᠡᠵᠦ᠂ ᠴᠤᠭ ᠪᠠᠳᠠᠷᠠᠩᠭᠤᠶ ᠠᠮᠢᠵᠢᠷᠠᠯ ᠤᠨ ᠬᠦᠴᠦᠨ ᠢ ᠢᠯᠡᠷᠡᠭᠦᠯᠪᠡ᠃ | | | | ᠲᠣᠰ ᠤᠳᠠᠭᠠᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠨᠢ ᠺᠠᠳ᠋ᠷ ᠣᠯᠠᠨ ᠲᠦᠮᠡᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠤᠬᠠᠮᠰᠠᠷ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠣᠯᠠᠨ ᠤ ᠮᠣᠳᠣ ᠳᠠᠷᠢᠵᠤ ᠣᠶᠢᠵᠢᠭᠤᠯᠬᠤ ᠳᠤ ᠣᠷᠣᠯᠴᠠᠬᠤ᠂ ᠪᠣᠬᠢᠷᠲᠤᠯ ᠥᠬᠡᠶ ᠬᠡᠷ ᠣᠷᠣᠨ ᠢᠶᠠᠨ | ᠬᠠᠮᠲᠤ ᠪᠠᠷ ᠪᠥᠲᠥᠭᠡᠨ ᠪᠠᠶᠢᠭᠤᠯᠬᠤ ᠢᠳᠡᠪᠬᠢᠵᠢᠯ ᠢ ᠤᠯᠠᠮ ᠨᠢᠭᠡ ᠠᠯᠬᠤᠮ ᠬᠥᠭᠵᠢᠭᠡᠭᠰᠡᠨ ᠪᠠᠶᠢᠨ᠎ᠠ᠃ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠡᠭᠦᠨ ᠢᠶᠠᠷ ᠠᠵᠠ ᠲᠣᠬᠢᠶᠠᠯ ᠪᠣᠯᠭᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠩᠷᠢ ᠨᠢ ᠴᠡᠯᠮᠡᠭ᠂ | ᠭᠠᠵᠠᠷ ᠨᠢ ᠨᠣᠭᠤᠭᠠᠨ᠂ ᠤᠰᠤ ᠨᠢ ᠲᠤᠩᠭᠠᠯᠠᠭ ᠦᠵᠡᠰᠬᠦᠯᠡᠩᠲᠦ ᠰᠠᠶᠢᠬᠠᠨ ᠰᠢᠨ᠎ᠡ ᠪᠠᠷᠠᠭᠤᠨ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ | | |