ᠰᠢᠨ᠎ᠡ ᠪᠠᠷᠭᠤ ᠵᠡᠭᠡᠷ᠎ᠡ ᠶᠢᠨ ᠥᠪᠡᠷᠲᠡᠭᠡᠨ ᠵᠠᠰᠠᠬᠤ ᠣᠷᠣᠨ ᠤ ᠳᠡᠰ ᠤᠨ ᠪᠠᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠤᠭ ᠨᠣᠪᠰᠢ ᠶᠢ ᠵᠢᠭᠰᠠᠭᠠᠨ ᠪᠠᠢᠴᠠᠭᠠᠵᠤ ᠴᠡᠪᠡᠷ ᠲᠣᠬᠢᠯᠢᠭ ᠪᠣᠬᠢᠷᠲᠤᠯ ᠥᠬᠡᠢ ᠭᠡᠷ ᠣᠷᠣᠨ ᠢ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2025/5/12
      ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢᠨ ᠲᠡᠩᠴᠡᠭᠦᠷᠢ ᠶᠢ ᠬᠠᠮᠠᠭᠠᠯᠠᠵᠤ᠂ ᠣᠯᠠᠨ ᠨᠡᠶᠢᠲᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠰᠢᠨ᠎ᠡ ᠪᠠᠷᠭᠤ ᠵᠡᠭᠡᠷᠡᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠪᠠᠶᠠᠨ ᠭᠠᠴᠠᠭ᠎ᠠ ᠲᠠᠢ ᠬᠠᠮᠲᠤᠷᠠᠨ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠤᠭ ᠨᠣᠪᠰᠢ ᠶᠢ ᠴᠡᠪᠡᠷᠯᠡᠬᠦ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ ᠭᠤᠤᠯ ᠪᠢᠲᠡᠭᠦᠮᠵᠢᠯᠡᠯ ᠤᠨ ᠣᠷᠣᠨ ᠤ ᠠᠮᠠᠷᠬᠠᠨ ᠬᠤᠭ ᠨᠣᠪᠰᠢ ᠣᠪᠣᠭᠠᠯᠠᠬᠤ ᠣᠷᠣᠨ ᠪᠦᠰᠡ ᠳᠤ ᠭᠤᠤᠯᠳᠠᠯᠭ᠎ᠠ ᠲᠠᠢ ᠴᠢᠭᠯᠡᠭᠦᠯᠦᠨ ᠲᠦᠪᠯᠡᠷᠡᠩᠭᠦᠢ ᠴᠡᠭᠴᠡᠯᠡᠨ ᠵᠠᠰᠠᠵᠤ ᠴᠡᠪᠡᠷᠯᠡᠪᠡ᠃
5.12黄羊1.jpeg
      ᠴᠡᠪᠡᠷᠯᠡᠬᠦ ᠶᠠᠪᠤᠴᠠ ᠳᠤ᠂ ᠠᠵᠢᠯᠲᠠᠳ ᠪᠤᠵᠠᠷ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠭ ᠨᠣᠪᠰᠢ ᠶᠢᠨ ᠤᠭᠤᠲᠠ᠂ ᠲᠡᠮᠦᠷ ᠦᠷᠦᠯᠪᠢ ᠵᠡᠷᠭᠡ ᠪᠠᠭᠠᠵᠢ ᠬᠡᠷᠡᠭᠰᠡᠯ ᠢ ᠪᠠᠷᠢᠵᠤ᠂ ᠬᠠᠮᠠᠭᠠᠯᠠᠯᠲᠠ ᠶᠢᠨ ᠣᠷᠣᠨ ᠤ ᠲᠣᠣᠷ ᠢᠶᠠᠷ ᠬᠦᠷᠢᠶᠡᠯᠡᠭᠰᠡᠨ ᠰᠦᠯᠢᠶᠣᠣ ᠤᠭᠤᠲᠠ᠂ ᠤᠮᠳᠠᠭᠠᠨ ᠤ ᠯᠣᠩᠬᠤ᠂ ᠢᠳᠡᠭᠡᠨ ᠤ ᠪᠣᠭᠤᠳᠠᠯ ᠵᠡᠷᠭᠡ ᠡᠯ᠎ᠡ ᠲᠦᠷᠦᠯ ᠤᠨ ᠠᠮᠢᠳᠤᠷᠠᠯ ᠤᠨ ᠬᠤᠭ ᠨᠣᠪᠰᠢ ᠶᠢ ᠪᠦᠬᠦ ᠲᠠᠯ᠎ᠠ ᠪᠠᠷ ᠴᠡᠪᠡᠷᠯᠡᠪᠡ᠃ ᠲᠣᠰ ᠤᠳᠠᠭᠠᠨ ᠤ ᠠᠵᠢᠯᠯᠠᠭ᠎ᠠ ᠨᠢ ᠬᠠᠮᠠᠭᠠᠯᠠᠯᠲᠠ ᠶᠢᠨ ᠣᠷᠣᠨ ᠤ ᠳᠣᠲᠣᠷᠠᠬᠢ ᠣᠷᠴᠢᠨ ᠲᠣᠭᠤᠷᠢᠨ ᠤ ᠪᠣᠬᠢᠷᠲᠤᠯ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠭᠰᠡᠨ ᠢᠶᠠᠷ ᠪᠠᠷᠠᠬᠤ ᠥᠬᠡᠶ᠂ ᠬᠠᠮᠠᠭᠠᠯᠠᠯᠲᠠ ᠶᠢᠨ ᠣᠷᠣᠨ ᠤ ᠡᠷᠬᠢᠨ ᠲᠣᠭᠤᠷᠢᠨ ᠤ ᠮᠠᠯᠴᠢᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠵᠤ᠂ ᠠᠮᠢ ᠠᠬᠤᠶᠢᠴᠢ ᠣᠷᠣᠰᠢᠨ ᠰᠠᠭᠤᠬᠤ ᠳᠤ ᠲᠣᠬᠢᠷᠠᠮᠵᠢᠲᠠᠶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠷᠴᠢᠨ ᠲᠣᠭᠤᠷᠢᠨ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃ ᠡᠭᠦᠨ ᠤ ᠬᠠᠮᠲᠤ᠂ ᠬᠠᠮᠠᠭᠠᠯᠠᠯᠲᠠ ᠶᠢᠨ ᠣᠷᠣᠨ ᠤ ᠡᠷᠭᠢᠨ ᠲᠣᠭᠤᠷᠢᠨ ᠤ ᠰᠠᠭᠤᠭᠠᠯᠢ ᠠᠷᠠᠳ ᠣᠷᠴᠢᠨ ᠲᠣᠭᠤᠷᠢᠨ ᠢᠶᠠᠨ ᠬᠠᠶᠢᠷᠠᠯᠠᠨ ᠬᠠᠮᠠᠭᠠᠯᠠᠵᠤ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠵᠤ ᠪᠣᠯᠬᠤ ᠦᠭᠡᠢ᠂ ᠬᠠᠮᠠᠭᠠᠯᠠᠯᠲᠠ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤᠪᠠᠷ ᠬᠠᠮᠠᠭᠠᠯᠠᠬᠤ ᠶᠢ ᠤᠷᠢᠶᠠᠯᠠᠪᠠ᠃
5.12黄羊2.jpeg
      ᠳᠠᠷᠠᠭᠠᠴᠢ ᠶᠢᠨ ᠠᠯᠬᠤᠮ ᠳᠤ᠂ ᠲᠣᠰ ᠲᠣᠪᠴᠢᠶ᠎ᠠ ᠬᠠᠮᠠᠭᠠᠯᠠᠯᠲᠠ ᠶᠢᠨ ᠣᠷᠣᠨ ᠢ ᠲᠣᠭᠤᠷᠢᠨ ᠪᠠᠶᠢᠴᠠᠭᠠᠬᠤ ᠪᠠ ᠬᠢᠨᠠᠨ ᠬᠠᠮᠢᠶᠠᠷᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ ᠠᠮᠢᠳᠤᠷᠠᠯ ᠤᠨ ᠬᠤᠭ ᠨᠣᠪᠰᠢ ᠶᠢᠨ ᠪᠣᠬᠢᠷᠲᠤᠯ ᠢ ᠪᠠᠭᠠᠰᠬᠠᠵᠤ᠂ ᠴᠡᠪᠡᠷᠯᠡᠭᠰᠡᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠲᠣᠰ ᠪᠣᠬᠢᠷᠲᠤᠯ ᠥᠬᠡᠶ ᠬᠡᠷ ᠣᠷᠣᠨ ᠢᠶᠠᠨ ᠰᠠᠶᠢᠲᠤᠷ ᠰᠠᠬᠢᠨ ᠬᠠᠮᠠᠭᠠᠯᠠᠬᠤ ᠪᠣᠯᠤᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ