ᠬᠦᠯᠦᠨ ᠪᠤᠶᠢᠷ ᠬᠤᠲᠠ ᠭᠠᠵᠠᠷ ᠵᠦᠢ ᠶᠢᠨ ᠪᠠᠶᠢᠷᠢᠰᠢᠯ ᠤᠨ ᠬᠤᠪᠢ ᠳᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠠᠮᠤᠭ ᠤᠨ ᠵᠡᠬᠦᠨ | ᠬᠤᠶᠢᠲᠤ ᠬᠡᠰᠡᠭ ᠲᠤ ᠪᠠᠶᠢᠷᠢᠯᠠᠵᠤ᠂ 25.3 ᠲᠦᠮᠡᠨ ᠲᠡᠭᠰᠢ ᠳᠦᠷᠪᠡᠯᠵᠢᠨ ᠺᠢᠯᠤᠮᠲ᠋ᠧᠷ ᠤᠨ ᠨᠣᠳᠤᠭ ᠳᠡᠪᠢᠰᠭᠡᠷ ᠲᠠᠢ ᠪᠠᠶᠢᠵᠣ᠂ ᠬᠠᠭ ᠤᠨ ᠪᠠᠭᠤᠷᠢ ᠠᠴᠠ | ᠮᠠᠨᠵᠤᠤᠷ ᠪᠤᠭᠤᠮᠲᠠ ᠬᠦᠷᠲᠡᠯ᠎ᠡ᠂ ᠡᠩᠬᠡ ᠬᠠᠳᠠ ᠠᠴᠠ ᠬᠤᠷᠤᠭ᠎ᠠ ᠠᠭᠤᠯᠠ ᠬᠦᠷᠳᠡᠯ᠎ᠡ ᠪᠦᠷ ᠦᠷᠭᠡᠨ ᠠᠭᠤᠳᠠᠮ ᠲᠠᠯ᠎ᠠ ᠨᠤᠳᠤᠭ ᠬᠢᠭᠡᠳ ᠢᠭᠴᠤ ᠰᠠᠬᠤᠯᠢᠭ ᠤᠢ | ᠰᠢᠭᠤᠢ ᠪᠠᠷ ᠬᠤᠴᠢᠭᠳᠠᠵᠤ᠂ ᠪᠤᠳᠠᠰ ᠤᠨ ᠪᠤᠰᠤ ᠰᠤᠶᠤᠯ᠂ ᠬᠤᠪᠢᠰᠬᠠᠯᠳᠦ ᠰᠤᠶᠤᠯ᠂ ᠲᠠᠯ᠎ᠠ ᠨᠤᠲᠤᠭ ᠤᠨ ᠰᠤᠶᠤᠯ᠂ ᠲᠠᠷᠢᠶᠠᠯᠠᠬᠤ ᠰᠤᠶᠤᠯ᠂ ᠬᠢᠯᠢ | ᠬᠠᠮᠠᠭᠠᠯᠠᠯᠳᠠ ᠶᠢᠨ ᠰᠤᠶᠤᠯ᠂ ᠤᠢ ᠰᠢᠭᠤᠢ ᠶᠢᠨ ᠰᠤᠶᠤᠯ ᠬᠢᠭᠡᠳ ᠬᠢᠯᠢ ᠶᠢᠨ ᠪᠤᠭᠤᠮᠲᠠ ᠶᠢᠨ ᠰᠤᠶᠤᠯ ᠵᠡᠷᠭᠡ ᠤᠯᠠᠨ ᠦᠨᠳᠦᠰᠦᠲᠡᠨ ᠤ ᠰᠤᠶᠤᠯ ᠤᠨ ᠤᠯᠠᠨ | ᠡᠰᠢᠲᠤ ᠡᠶ᠎ᠡ ᠵᠤᠬᠢᠴᠠᠩᠭᠤᠢ ᠤᠷᠤᠰᠢᠬᠤᠢ ᠶᠢᠨ ᠤᠨᠴᠠᠯᠢᠭ ᠰᠢᠨᠵᠢ ᠶᠢ ᠪᠦᠷᠢᠯᠳᠦᠭᠦᠯᠵᠠᠢ᠃ ᠡᠶᠢᠨ ᠬᠦ ᠬᠦᠯᠦᠨ ᠪᠤᠶᠢᠷ ᠤᠨ ᠲᠠᠯ᠎ᠠ ᠨᠤᠳᠤᠭ ᠲᠤ ᠲᠤᠬᠠᠢ ᠶᠢᠨ | ᠤᠷᠤᠨ ᠤ ᠵᠢᠭᠤᠯᠴᠢᠯᠠᠯ ᠤᠨ ᠦᠢᠯᠡᠰ ᠲᠠᠢ ᠠᠭᠤᠰᠤᠯᠴᠠᠭᠤᠯᠤᠨ ᠬᠦᠭᠵᠢᠬᠦᠯᠵᠤ᠂ ᠡᠭᠦᠨ ᠤ ᠤᠯᠠᠮ ᠢᠶᠠᠷ ᠤᠮᠠᠷᠠᠳᠤ ᠬᠢᠯᠢ ᠶᠢᠨ ᠰᠤᠶᠤᠯ ᠤᠨ ᠪᠠᠶᠢᠭᠤᠯᠤᠯᠳᠠ ᠳᠤ | ᠬᠦᠴᠦᠨ ᠨᠡᠮᠡᠷᠢᠯᠡᠵᠤ ᠪᠤᠯᠬᠤ ᠰᠤᠶᠤᠯ ᠤᠨ ᠬᠦᠴᠦᠨ ᠵᠦᠢᠯ ᠮᠠᠰᠢ ᠡᠯᠪᠡᠭ ᠪᠠᠶᠠᠯᠢᠭ ᠪᠠᠶᠢᠳᠠᠭ᠃ | ᠨᠢᠭᠡ᠂ ᠪᠤᠳᠠᠰ ᠤᠨ ᠪᠤᠰᠤ ᠰᠤᠶᠤᠯ ᠤᠨ ᠦᠪ | ᠬᠦᠯᠦᠨ ᠪᠤᠶᠢᠷ ᠤᠨ ᠠᠷᠠᠳ ᠤᠨ ᠳᠤᠮᠳᠠᠬᠢ ᠪᠤᠳᠠᠰ ᠤᠨ ᠪᠤᠰᠤ ᠰᠤᠶᠤᠯ ᠤᠨ ᠦᠪ ᠮᠠᠰᠢ ᠡᠯᠪᠡᠭ ᠪᠠᠶᠠᠯᠢᠭ ᠪᠠᠶᠢᠳᠠᠭ᠃ ᠤᠳᠤ ᠪᠤᠯᠲᠠᠯ᠎ᠠ ᠨᠢᠭᠡᠨᠳᠠ | ᠪᠦᠷᠢᠳᠭᠡᠭᠳᠡᠭᠡᠳ ᠪᠠᠶᠢᠭ᠎ᠠ ᠬᠦᠯᠦᠨ ᠪᠤᠶᠢᠷ ᠤᠨ ᠡᠯ᠎ᠡ ᠳᠡᠰ ᠤᠨ ᠪᠤᠳᠠᠰ ᠤᠨ ᠪᠤᠰᠤ ᠰᠤᠶᠤᠯ ᠤᠨ ᠦᠪ ᠨᠡᠶᠢᠲᠡ 833 ᠪᠣᠢ᠂ ᠡᠭᠦᠨ ᠤ ᠳᠤᠲᠤᠷ᠎ᠠ ᠤᠯᠤᠰ ᠤᠨ | ᠳᠡᠰ ᠤᠨ ᠪᠤᠳᠠᠰ ᠤᠨ ᠪᠤᠰᠤ ᠰᠤᠶᠤᠯ ᠤᠨ ᠦᠪ 18 ᠪᠠᠶᠢᠵᠤ᠂ ᠦᠪᠡᠷᠲᠡᠭᠡᠨ ᠵᠠᠰᠠᠬᠤ ᠤᠷᠤᠨ ᠳᠤ ᠲᠦᠷᠦᠭᠦᠯᠡᠵᠤ᠂ ᠦᠪᠡᠷᠳᠡᠭᠡᠨ ᠵᠠᠰᠠᠬᠤ ᠤᠷᠤᠨ ᠤ ᠳᠡᠰ ᠤᠨ | ᠪᠤᠳᠠᠰ ᠤᠨ ᠪᠤᠰᠤ ᠰᠤᠶᠤᠯ ᠤᠨ ᠦᠪ ᠨᠡᠶᠢᠲᠡ 123 ᠪᠠᠶᠢᠵᠤ᠂ ᠪᠦᠬᠦ ᠤᠷᠤᠨ ᠤ ᠬᠡᠪᠴᠢᠶᠡᠨ ᠳᠤ ᠳᠡᠳ᠋ᠯᠡᠵᠤ ᠪᠤᠢ᠃ ᠪᠠᠷᠭᠤ ᠤᠷᠳᠤ ᠶᠢᠨ ᠳᠠᠭᠤᠤ᠂ ᠬᠤᠰᠤ | ᠮᠤᠳᠤᠨ ᠤ ᠬᠠᠯᠢᠰᠦᠨ ᠤ ᠤᠷ᠎ᠠ ᠳᠠᠷᠬ᠎ᠠ ᠵᠡᠷᠭᠡ ᠨᠢ ᠦᠪᠦᠷ ᠮᠤᠩᠭᠤᠯ ᠤᠷᠤᠨ ᠤ ᠤᠯᠠᠮᠵᠢᠯᠠᠯᠲᠤ ᠰᠤᠶᠤᠯ ᠤᠨ ᠪᠦᠷᠢᠯᠳᠦᠭᠦᠨ ᠪᠠᠶᠢᠵᠤ᠂ ᠮᠥᠨ ᠴᠦ ᠳᠤᠮᠳᠠᠳᠤ ᠶᠢᠨ | ᠦᠨᠳᠦᠰᠦᠲᠡᠨ ᠤ ᠤᠯᠠᠮᠵᠢᠯᠠᠯᠲᠤ ᠰᠢᠯᠢᠳᠡᠭ ᠰᠤᠶᠤᠯ ᠤᠨ ᠴᠢᠬᠤᠯᠠ ᠪᠦᠷᠢᠯᠳᠦᠭᠦᠨ ᠬᠡᠰᠡᠭ ᠪᠤᠯᠬᠤ ᠶᠤᠮ᠃ | ᠬᠤᠶᠠᠷ᠂ ᠬᠤᠪᠢᠰᠬᠠᠯᠲᠦ ᠰᠤᠶᠤᠯ | ᠬᠦᠯᠦᠨ ᠪᠤᠶᠢᠷ ᠲᠤ ᠡᠯᠪᠡᠭ ᠪᠠᠶᠠᠯᠢᠭ ᠬᠤᠪᠢᠰᠬᠠᠯᠳᠦ ᠰᠤᠶᠤᠯ ᠤᠨ ᠡᠬᠢ ᠪᠠᠶᠠᠯᠢᠭ ᠲᠠᠢ ᠪᠠᠶᠢᠳᠠᠭ᠂ ᠨᠢᠭᠡᠨᠳᠠ ᠲᠤᠳᠤᠯᠠᠭᠳᠠᠭᠰᠠᠨ ᠬᠤᠪᠢᠰᠬᠠᠯᠳᠦ | ᠰᠤᠶᠤᠯ ᠤᠨ ᠦᠪ ᠦᠯᠡᠳᠡᠭᠳᠡᠯ ᠨᠡᠶᠢᠲᠡ 71 ᠪᠣᠢ᠂ ᠡᠳᠡᠭᠡᠷ ᠨᠢ ᠬᠦᠯᠦᠨ ᠪᠤᠶᠢᠷ ᠤᠨ ᠠᠷᠠᠳ ᠲᠦᠮᠡᠨ ᠤ ᠡᠷᠡᠯᠭᠡᠭ ᠪᠠᠭᠠᠲᠤᠷᠯᠢᠭ ᠲᠡᠮᠡᠴᠡᠯ ᠬᠢᠭᠡᠳ ᠡᠭᠡ | ᠣᠯᠣᠰ ᠢᠶᠠᠨ ᠬᠠᠮᠠᠭᠠᠯᠠᠭᠰᠠᠨ ᠳᠠᠶᠢᠴᠢᠨ ᠦᠢᠯᠡᠰ ᠢ ᠲᠡᠮᠳᠡᠭᠯᠡᠵᠤ ᠮᠦᠩᠬᠡᠯᠡᠭᠰᠡᠨ ᠶᠤᠮ᠃ ᠲᠠᠪᠤᠨ ᠰᠠᠷ᠎ᠠ ᠶᠢᠨ ᠳᠦᠷᠪᠡᠨ ᠤ ᠬᠦᠳᠡᠯᠭᠡᠭᠡᠨ ᠪᠠ ᠤᠯᠤᠰ ᠤᠨ | ᠲᠤᠳᠤᠭᠠᠳᠤ ᠶᠢᠨ ᠬᠤᠪᠢᠰᠬᠠᠯ ᠤᠨ ᠨᠦᠯᠦᠭᠡ ᠪᠠᠷ᠂ ᠬᠦᠯᠦᠨ ᠪᠤᠶᠢᠷ ᠤᠷᠤᠨ ᠳᠤ ᠤᠷᠢᠳ ᠬᠤᠵᠢᠳ ᠵᠦᠩ ᠳ᠋ᠦᠩ ᠲᠡᠮᠦᠷ ᠵᠠᠮ ᠤᠨ ᠠᠵᠢᠯᠴᠢᠨ ᠤ ᠠᠵᠢᠯ | ᠬᠠᠶᠠᠯᠳᠠ᠂ ᠵᠠᠯᠠᠶᠢᠨᠠᠭᠤᠷ ᠤᠨ ᠠᠭᠤᠷᠬᠠᠢ ᠶᠢᠨ ᠠᠵᠢᠯᠴᠢᠳ ᠤᠨ ᠠᠵᠢᠯ ᠬᠠᠶᠠᠯᠳᠠ ᠬᠢᠭᠡᠳ ᠮᠤᠷᠢᠨᠳᠠᠪᠠᠭ᠎ᠠ ᠶᠢᠨ ᠵᠡᠪᠰᠡᠭᠲᠤ ᠪᠤᠰᠤᠯᠭ᠎ᠠ ᠵᠡᠷᠭᠡ ᠨᠢ ᠡᠵᠡᠷᠭᠡᠭ | ᠳᠦᠷᠢᠮᠡᠬᠡᠶᠢᠲᠡᠨ ᠢ ᠡᠰᠡᠷᠭᠦᠴᠡᠬᠦ᠂ ᠹᠸᠤᠳᠠᠯ ᠶᠣᠰᠣᠨ ᠬᠢᠭᠡᠳ ᠴᠡᠷᠢᠭ ᠤᠨ ᠡᠷᠬᠡᠳᠡᠨ ᠢ ᠡᠰᠡᠷᠭᠦᠴᠡᠭᠰᠡᠨ ᠤᠯᠠᠨ ᠲᠦᠮᠡᠨᠴᠢ ᠬᠤᠪᠢᠰᠬᠠᠯᠳᠤ ᠲᠡᠮᠡᠴᠡᠯ ᠪᠤᠯᠤᠨ᠎ᠠ᠃ | ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ ᠤ ᠳᠠᠷᠠᠭ᠎ᠠ᠂ ᠯᠢ ᠳ᠋ᠠ ᠵᠤᠤ᠂ ᠴᠧᠨ ᠳ᠋ᠦ᠋ ᠰᠢᠦ᠂ ᠴᠢᠦᠢ ᠴᠢᠦ ᠪᠠᠢ᠂ ᠵᠸᠦ ᠤᠨ ᠯᠠᠢ ᠵᠡᠷᠭᠡ | ᠨᠠᠮ ᠤᠨ ᠡᠷᠲᠡ ᠦᠶ᠎ᠡ ᠶᠢᠨ ᠤᠳᠤᠷᠢᠳᠤᠭᠴᠢᠳ ᠵᠦᠩ ᠳ᠋ᠦᠩ ᠲᠡᠮᠦᠷ ᠵᠠᠮ ᠢᠶᠠᠷ ᠳᠠᠮᠵᠢᠨ ᠮᠠᠨᠵᠤᠤᠷ ᠢᠶᠠᠷ ᠬᠢᠯᠢ ᠳᠠᠪᠠᠵᠤ᠂ ᠤᠤᠯ ᠤᠨ ᠵᠦᠪᠯᠡᠯᠳᠤ ᠬᠤᠯᠪᠤᠭᠠᠲᠤ | ᠤᠯᠤᠰ ᠲᠤ ᠬᠦᠷᠴᠦ ᠠᠵᠢᠯᠯᠠᠵᠤ ᠰᠤᠷᠤᠯᠴᠠᠬᠤ ᠪᠤᠶᠤ ᠡᠪ ᠬᠠᠮᠳᠤ ᠶᠢᠨ ᠢᠨᠲ᠋ᠧᠷᠨᠠᠼᠢᠦᠨᠠᠯ ᠤᠨ ᠬᠤᠷᠠᠯ ᠳᠤ ᠤᠷᠤᠯᠴᠠᠵᠤ᠂ ᠠᠭᠠᠵᠢᠮ ᠢᠶᠠᠷ ᠨᠢᠭᠡ ᠵᠤᠷᠪᠤᠰ | ᠤᠤᠯ ᠤᠨ ᠵᠦᠪᠯᠡᠯᠲᠤ ᠬᠤᠯᠪᠤᠭᠠᠲᠤ ᠤᠯᠤᠰ ᠪᠠ ᠡᠪ ᠬᠠᠮᠳᠤ ᠶᠢᠨ ᠢᠨᠲ᠋ᠧᠷᠨᠠᠼᠢᠦᠨᠠᠯ ᠢ ᠬᠤᠯᠪᠤᠭᠰᠠᠨ ︽ᠬᠤᠪᠢᠰᠬᠠᠯ ᠤᠨ ᠵᠠᠮ︾ ᠪᠤᠢ ᠪᠤᠯᠵᠤ ᠪᠦᠷᠢᠯᠳᠦᠭᠰᠡᠨ | ᠶᠤᠮ᠃ | ᠭᠤᠷᠪᠠ᠂ ᠲᠠᠯ᠎ᠠ ᠨᠤᠳᠤᠭ ᠤᠨ ᠰᠤᠶᠤᠯ | ᠬᠦᠯᠦᠨ ᠪᠤᠶᠢᠷ ᠤᠨ ᠲᠠᠯ᠎ᠠ ᠨᠤᠳᠤᠭ ᠪᠤᠯ ᠳᠡᠯᠡᠬᠡᠢ ᠶᠢᠨ ᠳᠦᠷᠪᠡᠨ ᠶᠡᠭᠡ ᠲᠠᠯ᠎ᠠ ᠨᠤᠲᠤᠭ ᠤᠨ ᠨᠢᠭᠡ ᠪᠠᠶᠢᠵᠤ᠂ ᠶᠡᠷᠦᠩᠬᠡᠢ ᠲᠠᠯᠠᠪᠠᠢ ᠨᠢ 8 ᠲᠦᠮᠡᠨ ᠲᠡᠭᠰᠢ | ᠳᠦᠷᠪᠡᠯᠵᠢᠨ ᠮᠧᠳ᠋ᠷ ᠲᠤ ᠬᠦᠷᠴᠦ᠂ ᠶᠡᠷᠦᠩᠬᠡᠶᠢᠯᠡᠭᠰᠡᠨ ᠤᠷᠭᠤᠮᠠᠯ ᠬᠤᠴᠢᠯᠭ᠎ᠠ ᠶᠢᠨ ᠬᠡᠮᠵᠢᠶ᠎ᠡ ᠨᠢ 76.15% ᠳᠤ ᠬᠦᠷᠴᠦ ᠪᠠᠶᠢᠳᠠᠭ᠃ 2000 ᠭᠠᠷᠤᠢ | ᠵᠢᠯ ᠤᠨ ᠲᠤᠷᠰᠢ᠂ ᠾᠦᠩᠨᠤ᠂ ᠳ᠋ᠦᠩᠬᠤ᠂ ᠰᠢᠶᠠᠨᠪᠢ᠂ ᠱᠢ ᠸᠧᠢ᠂ ᠮᠤᠩᠭᠤᠯ ᠵᠡᠷᠭᠡ ᠠᠷᠪᠠᠭᠠᠳ ᠨᠡᠭᠦᠳᠡᠯᠴᠢᠨ ᠦᠨᠳᠦᠰᠦᠲᠡᠨ ᠤᠬᠰᠠᠭᠠᠲᠠᠨ ᠠᠳᠠ ᠤᠷᠤᠰᠢᠨ | ᠠᠮᠢᠳᠤᠷᠠᠵᠤ᠂ ᠮᠤᠩᠭᠤᠯ᠂ ᠡᠸᠡᠩᠬᠢ ᠵᠡᠷᠭᠡ ᠦᠨᠳᠦᠰᠦᠲᠡᠨ ᠤᠰᠤᠨ ᠤ ᠲᠤᠩᠭᠠᠯᠠᠭ᠂ ᠡᠪᠡᠰᠦᠨ ᠤ ᠰᠤᠷᠭᠤᠭ ᠢ ᠳᠠᠭᠠᠵᠤ ᠨᠡᠭᠦᠳᠡᠯᠯᠡᠨ ᠠᠮᠢᠳᠤᠷᠠᠵᠤ᠂ | ᠠᠭᠠᠵᠢᠮ ᠳᠠᠭᠠᠨ ᠦᠪᠡᠷᠮᠢᠴᠡ ᠨᠡᠭᠦᠳᠡᠯᠯᠡᠨ ᠮᠠᠯᠵᠢᠬᠤ ᠠᠮᠢᠳᠤᠷᠠᠯ ᠤᠨ ᠠᠷᠭ᠎ᠠ ᠮᠠᠶ᠋ᠢᠭ ᠬᠢᠭᠡᠳ ᠰᠤᠶᠤᠯ ᠤᠨ ᠤᠯᠠᠮᠵᠢᠯᠠᠯ ᠢ ᠪᠦᠷᠢᠯᠳᠦᠭᠦᠯᠵᠤ᠂ ︽ᠲᠠᠯ᠎ᠠ ᠨᠤᠳᠤᠭ︾ | ᠢᠶᠠᠷ ᠴᠢᠮᠦᠭᠡ ᠪᠤᠯᠭᠠᠭᠰᠠᠨ ᠪᠤᠳᠠᠰ ᠤᠨ ᠰᠤᠶᠤᠯ ᠬᠢᠭᠡᠳ ᠵᠠᠩ ᠵᠠᠩᠰᠢᠯ᠂ ᠠᠮᠠᠨ ᠤᠷᠠᠯᠢᠭ᠂ ᠤᠳᠭ᠎ᠠ ᠵᠤᠬᠢᠶᠠᠯ ᠵᠡᠷᠭᠡ ᠮᠠᠰᠢ ᠡᠯᠪᠡᠭ ᠪᠠᠶᠠᠯᠢᠭ ᠤᠶᠤᠨ ᠤ | ᠰᠤᠶᠤᠯ ᠢ ᠪᠤᠢ ᠪᠤᠯᠭᠠᠭᠰᠠᠨ ᠪᠠᠶᠢᠨ᠎ᠠ᠃ ︽ᠪᠠᠶᠢᠭᠠᠯᠢ ᠶᠢ ᠳᠡᠭᠡᠳᠦᠯᠡᠬᠦ᠂ ᠨᠡᠭᠡᠭᠡᠯᠲᠡᠳᠡᠢ᠂ ᠢᠲᠡᠭᠡᠯ ᠵᠢᠷᠤᠮ ᠢ ᠰᠠᠬᠢᠬᠤ︾ ᠪᠤᠯ ᠬᠦᠯᠦᠨ ᠪᠤᠶᠢᠷ ᠤᠨ ᠲᠠᠯ᠎ᠠ | ᠨᠤᠳᠤᠭ ᠤᠨ ᠰᠤᠶᠤᠯ ᠤᠨ ᠭᠤᠤᠯ ᠠᠭᠤᠯᠤᠭᠳᠠᠬᠤᠨ ᠨᠢ ᠪᠤᠯᠬᠤ ᠶᠤᠮ᠃ | ᠳᠦᠷᠪᠡ᠂ ᠲᠠᠷᠢᠶᠠᠯᠠᠬᠤ ᠰᠤᠶᠤᠯ | ᠬᠦᠯᠦᠨ ᠪᠤᠶᠢᠷ ᠤᠷᠤᠨ ᠤ ᠲᠠᠷᠢᠶᠠᠯᠠᠬᠤ ᠰᠤᠶᠤᠯ ᠨᠢ ᠲᠤᠰ ᠤᠷᠤᠨ ᠤ ᠮᠠᠯ ᠮᠠᠯᠵᠢᠯ᠂ ᠵᠢᠭᠠᠰᠦ ᠠᠩᠨᠠᠯ ᠲᠠᠢ ᠠᠳᠠᠯᠢ ᠪᠠᠷ ᠪᠦᠷ ᠮᠠᠰᠢ ᠤᠷᠲᠤ | ᠬᠤᠭᠤᠴᠠᠭᠠᠨ ᠤ ᠡᠭᠦᠰᠦᠯ ᠬᠦᠭᠵᠢᠯ ᠤᠨ ᠲᠡᠦᠭᠡ ᠶᠢ ᠡᠯᠡᠭᠡᠵᠤ᠂ ᠨᠡᠯᠢᠶᠡᠳ ᠦᠷᠭᠡᠨ ᠠᠭᠤᠳᠠᠮ ᠤᠷᠤᠨ ᠵᠠᠢ ᠳᠤ ᠲᠠᠷᠬᠠᠵᠤ ᠪᠠᠶᠢᠭ᠎ᠠ ᠶᠤᠮ᠃ ᠲᠤᠰ ᠤᠷᠤᠨ ᠳᠤ | ᠠᠮᠢᠳᠤᠷᠠᠵᠤ ᠪᠠᠶᠢᠭᠰᠠᠨ ᠾᠦᠩᠨᠤ᠂ ᠦᠬᠤᠸᠠᠨ᠂ ᠰᠢᠶᠠᠨᠪᠢ᠂ ᠲᠦᠷᠦᠭ᠂ ᠬᠢᠳᠠᠨ᠂ ᠵᠦᠷᠴᠢᠨ᠂ ᠮᠤᠩᠭᠤᠯ ᠵᠡᠷᠭᠡ ᠦᠨᠳᠦᠰᠦᠲᠡᠨ ᠨᠦᠭᠦᠳ ᠤᠨ ᠠᠷᠠᠳ ᠲᠦᠮᠡᠨ | ᠪᠦᠷ ᠠᠳᠠᠯᠢ ᠪᠤᠰᠤ ᠬᠡᠮᠵᠢᠶᠠᠨ ᠤ ᠲᠠᠷᠢᠶᠠᠯᠠᠬᠤ ᠮᠡᠷᠭᠡᠵᠢᠯ ᠢ ᠰᠤᠷᠴᠤ ᠡᠵᠡᠮᠰᠢᠨ᠂ ᠳᠤᠮᠳᠠᠳᠤ ᠤᠷᠤᠨ ᠤ ᠲᠠᠷᠢᠶᠠᠯᠠᠬᠤ ᠮᠡᠷᠭᠡᠵᠢᠯ ᠬᠢᠭᠡᠳ ᠰᠤᠶᠤᠯ ᠤᠨ ᠨᠦᠯᠦᠭᠡ ᠶᠢ | ᠬᠦᠨ ᠬᠦᠯᠢᠶᠡᠵᠤ ᠠᠪᠴᠠᠢ᠃ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ 1954 ᠤᠨ ᠳᠤ ᠬᠦᠯᠦᠨ ᠪᠤᠶᠢᠷ ᠤᠨ | ᠠᠲᠠᠷ ᠬᠠᠭᠠᠯᠪᠤᠷᠢᠯᠠᠬᠤ ᠤᠷᠤᠨ ᠪᠠᠶᠢᠭᠤᠯᠤᠭᠳᠠᠪᠠ᠂ ᠡᠨᠡ ᠨᠢ ᠲᠤᠬᠠᠢ ᠶᠢᠨ ᠦᠶ᠎ᠡ ᠳᠤ ᠪᠦᠬᠦ ᠤᠯᠤᠰ ᠤᠨ ᠭᠤᠷᠪᠠᠳᠤᠭᠠᠷ ᠲᠤᠮᠤ ᠠᠲᠠᠷ ᠬᠠᠭᠠᠯᠪᠤᠷᠢᠯᠠᠬᠤ ᠤᠷᠤᠨ | ᠪᠠᠶᠢᠵᠤ᠂ ᠮᠠᠰᠢ ᠤᠯᠠᠨ ᠠᠲᠠᠷ ᠬᠠᠭᠠᠯᠪᠤᠷᠢᠯᠠᠬᠤ ᠳᠠᠷᠤᠭ᠎ᠠ ᠪᠠᠶᠢᠯᠳᠤᠭᠴᠢᠳ ᠠᠳᠡᠬᠢ ᠬᠢᠯᠢ ᠬᠢᠵᠠᠭᠠᠷ ᠤᠷᠤᠨ ᠤ ᠲᠠᠷᠢᠶᠠᠯᠠᠬᠤ ᠦᠢᠯᠡᠰ ᠤᠨ ᠪᠦᠲᠦᠭᠡᠨ | ᠪᠠᠶᠢᠭᠤᠯᠤᠯᠳᠠ ᠳᠤ ᠤᠷᠤᠯᠴᠠᠵᠤ᠂ ᠠᠳᠠᠬᠢ ᠶᠢ ︽ᠳᠤᠮᠳᠠᠳᠤ ᠶᠢᠨ ᠠᠮᠤ ᠶᠢᠨ ᠰᠠᠩ︾ ᠪᠤᠯᠭᠠᠵᠤ ᠪᠦᠲᠦᠭᠡᠨ ᠪᠠᠶᠢᠭᠤᠯᠤᠭᠰᠠᠨ ᠶᠤᠮ᠃ 2023 ᠤᠨ ᠪᠤᠯᠬᠤ ᠳᠤ᠂ | ᠬᠦᠯᠦᠨ ᠪᠤᠶᠢᠷ ᠤᠨ ᠠᠲᠠᠷ ᠬᠠᠭᠠᠯᠪᠤᠷᠢᠯᠠᠬᠤ ᠪᠦᠯᠦᠭᠯᠡᠯ ᠨᠢ 600 ᠲᠦᠮᠡᠨ ᠮᠤ ᠲᠠᠷᠢᠶᠠᠨ ᠭᠠᠵᠠᠷ ᠠᠴᠠ ᠡᠭᠡ ᠤᠯᠤᠰ ᠲᠠᠭᠠᠨ ᠨᠡᠶᠢᠲᠡ 3750 ᠲᠦᠮᠡᠨ ᠲᠤᠨ | ᠠᠮᠤ ᠪᠣᠳᠠᠭ᠎ᠠ᠂ ᠪᠤᠷᠴᠠᠭ ᠵᠡᠷᠭᠡ ᠶᠢ ᠬᠠᠨᠳᠢᠪᠯᠠᠭᠰᠠᠨ ᠶᠤᠮ᠃ ᠠᠲᠠᠷ ᠬᠠᠭᠠᠯᠪᠤᠷᠢᠯᠠᠵᠤ ᠲᠠᠷᠢᠶᠠᠯᠠᠬᠤ ᠰᠤᠶᠤᠯ ᠤᠨ ᠭᠤᠤᠯ ᠵᠤᠷᠢᠭ ᠰᠠᠨᠠᠭ᠎ᠠ ᠪᠤᠯ ︽ᠬᠠᠷᠠᠮ ᠦᠭᠡᠢ | ᠵᠤᠷᠢᠭᠤᠯᠬᠤ᠂ ᠠᠵᠢᠯᠴᠢ ᠪᠤᠷᠤᠭᠵᠢᠭᠤᠨ᠂ ᠪᠦᠯᠬᠦᠮᠳᠡᠨ ᠬᠠᠪᠰᠤᠷᠤᠯᠴᠠᠬᠤ︾ ᠪᠠᠶᠢᠵᠤ᠂ ᠲᠠᠷᠢᠶᠠᠯᠠᠬᠤ ᠰᠤᠶᠤᠯ ᠤᠨ ᠬᠦᠯᠦᠨ ᠪᠤᠶᠢᠷ ᠤᠷᠤᠨ ᠳᠠᠬᠢ ᠠᠮᠢᠳᠤᠯᠢᠭ | ᠦᠢᠯᠡᠳᠦᠯᠭᠡᠵᠢᠬᠦᠯᠦᠯ ᠪᠤᠯᠤᠨ᠎ᠠ᠃ | ᠲᠠᠪᠤ᠂ ᠬᠢᠯᠢ ᠬᠠᠮᠠᠭᠠᠯᠠᠯᠳᠠ ᠶᠢᠨ ᠰᠤᠶᠤᠯ | ᠬᠦᠯᠦᠨ ᠪᠤᠶᠢᠷ ᠨᠢ ᠡᠭᠡ ᠤᠯᠤᠰ ᠤᠨ ᠤᠮᠠᠷᠠᠳᠤ ᠬᠢᠵᠠᠭᠠᠷ ᠲᠤ ᠪᠠᠶᠢᠷᠢᠰᠢᠵᠤ᠂ ᠨᠡᠶᠢᠲᠡ 1733.32 ᠺᠢᠯᠤᠮᠧᠳ᠋ᠷ ᠬᠢᠯᠢ ᠶᠢᠨ ᠱᠤᠭᠤᠮ ᠢᠶᠠᠷ ᠤᠷᠤᠰ ᠤᠨ | ᠬᠤᠯᠪᠤᠭ᠎ᠠ ᠪᠠ ᠮᠤᠩᠭᠤᠯ ᠤᠯᠤᠰ ᠲᠠᠢ ᠬᠢᠯᠢ ᠨᠡᠶᠢᠯᠡᠵᠦ᠂ ᠦᠪᠦᠷ ᠮᠤᠩᠭᠤᠯ ᠤᠨ ᠪᠦᠬᠦ ᠬᠢᠯᠢ ᠶᠢᠨ ᠱᠤᠭᠤᠮ ᠤᠨ 41.3% ᠶᠢ ᠡᠵᠡᠯᠡᠵᠤ ᠪᠠᠶᠢᠳᠠᠭ᠃ ᠠᠯᠢ | ᠡᠷᠲᠡ ᠲᠠᠩ ᠤᠯᠤᠰ ᠤᠨ ᠦᠶ᠎ᠡ ᠳᠤ ᠱᠢ ᠸᠧᠢ ᠳ᠋ᠦᠳᠦ᠋ ᠶᠠᠮᠤᠨ ᠪᠠᠶᠢᠭᠤᠯᠤᠭᠳᠠᠵᠤ᠂ ᠬᠦᠯᠦᠨ ᠪᠤᠶᠢᠷ ᠤᠷᠤᠨ ᠢ ᠲᠦᠪ ᠤᠨ ᠵᠠᠬᠢᠷᠭᠠᠨ ᠳᠤ ᠤᠷᠤᠭᠤᠯᠤᠨ | ᠬᠠᠮᠢᠶᠠᠷᠴᠤ ᠪᠠᠶᠢᠵᠠᠢ᠃ ᠮᠢᠩ ᠤᠯᠤᠰ ᠤᠨ ᠶᠦᠩ ᠯᠧ ᠶᠢᠨ ᠳᠦᠷᠪᠡᠳᠦᠭᠡᠷ ᠤᠨ ︵1406 ᠤᠨ︶ ᠳᠤ ᠮᠢᠩ ᠤᠯᠤᠰ ᠤᠨᠤᠨ ᠭᠤᠤᠯ ᠤᠨ ᠤᠷᠤᠰᠬᠠᠯ ᠳᠠᠭᠠᠦ | ᠤᠨᠤᠨ ᠭᠤᠤᠯ ᠤᠨ ᠬᠠᠮᠠᠭᠠᠯᠠᠬᠤ ᠪᠠᠶᠢᠭᠤᠯᠤᠮᠵᠢ ᠪᠠᠶᠢᠭᠤᠯᠵᠤ᠂ ᠡᠯ᠎ᠡ ᠦᠨᠳᠦᠰᠦᠲᠡᠨ ᠤ ᠠᠷᠠᠳ ᠲᠦᠮᠡᠨ ᠢ ᠬᠠᠮᠢᠶᠠᠷᠴᠤ᠂ ᠳᠠᠭᠠᠦ ᠳᠤᠨᠢ ᠬᠢᠯᠢ ᠶᠢᠨ | ᠬᠠᠮᠠᠭᠠᠯᠠᠯᠳᠠ ᠪᠠᠨ ᠪᠠᠬᠢᠵᠢᠭᠦᠯᠵᠤ ᠪᠠᠶᠢᠵᠠᠢ᠃ ᠴᠢᠩ ᠤᠯᠤᠰ ᠤᠨ ᠦᠶ᠎ᠡ ᠪᠠ ᠤᠶᠢᠷ᠎ᠠ ᠦᠶ᠎ᠡ ᠶᠢᠨ ᠲᠡᠦᠭᠡᠨ ᠳᠡᠭᠡᠷ᠎ᠡ ᠬᠦᠯᠦᠨ ᠪᠤᠶᠢᠷ ᠤᠷᠤᠨ ᠨᠢ ᠴᠠᠭᠠᠨ ᠬᠠᠭᠠᠨᠲᠤ | ᠤᠷᠤᠰ ᠤᠨ ᠳᠦᠷᠢᠮᠡᠬᠡᠶᠢᠯᠡᠯ ᠢ ᠤᠯᠠᠨ ᠤᠳᠠᠭ᠎ᠠ ᠪᠤᠳᠠ ᠨᠢᠷᠭᠡᠵᠤ᠂ ᠬᠦᠯᠦᠨ ᠪᠤᠶᠢᠷ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠡᠳᠭᠢᠯ ᠨᠢᠭᠡᠳᠦᠨ | ᠪᠦᠯᠬᠦᠮᠳᠡᠵᠤ᠂ ᠬᠠᠮᠳᠤ ᠪᠠᠷ ᠡᠬᠡ ᠤᠯᠤᠰ ᠤᠨ ᠢᠶᠠᠨ ᠳᠠᠷᠬᠠᠨ ᠬᠢᠯᠢ ᠶᠢ ᠬᠠᠮᠠᠭᠠᠯᠠᠬᠤ ᠢᠷᠠᠭᠤ ᠠᠯᠳᠠᠷᠲᠠᠢ ᠲᠡᠦᠭᠡ ᠶᠢ ᠪᠢᠴᠢᠭᠯᠡᠭᠰᠡᠨ ᠪᠠᠶᠢᠨ᠎ᠠ᠃ ︽ᠦᠨᠡᠨᠴᠢ | ᠰᠢᠳᠤᠷᠭᠤ᠂ ᠤᠯᠤᠰ ᠢᠶᠠᠨ ᠬᠠᠶᠢᠷᠠᠯᠠᠬᠤ᠂ ᠬᠠᠷᠢᠭᠤᠴᠠᠯᠭ᠎ᠠ ᠲᠠᠢ᠂ ᠬᠠᠨᠳᠢᠪᠯᠠᠬᠤ︾ ᠬᠢᠯᠢ ᠬᠠᠮᠠᠭᠠᠯᠠᠯᠳᠠ ᠶᠢᠨ ᠵᠤᠷᠢᠭ ᠰᠠᠨᠠᠭ᠎ᠠ ᠨᠢ ᠨᠢᠭᠡᠨᠳᠠ ᠬᠦᠯᠦᠨ ᠪᠤᠶᠢᠷ ᠤᠨ | ᠡᠭᠡ ᠭᠠᠵᠠᠷ ᠳᠡᠭᠡᠷ᠎ᠡ ᠦᠨᠳᠦᠰᠦ ᠪᠠᠨ ᠬᠦᠨ ᠬᠠᠳᠬᠤᠭᠰᠠᠨ ᠶᠤᠮ᠃ | ᠵᠢᠷᠭᠤᠭ᠎ᠠ᠂ ᠤᠢ ᠰᠢᠭᠤᠢ ᠶᠢᠨ ᠰᠤᠶᠤᠯ | ᠤᠢ ᠰᠢᠭᠤᠢ ᠶᠢᠨ ᠰᠤᠶᠤᠯ ᠪᠤᠯ ᠬᠦᠯᠦᠨ ᠪᠤᠶᠢᠷ ᠤᠷᠤᠨ ᠤ ᠤᠨᠴᠠᠭᠠᠢ ᠭᠠᠵᠠᠷ ᠵᠦᠢ᠂ ᠪᠠᠶᠢᠭᠠᠯᠢ ᠤᠷᠴᠢᠨ ᠬᠢᠭᠡᠳ ᠲᠡᠦᠭᠡ ᠰᠤᠶᠤᠯ ᠤᠨ ᠤᠶᠠᠯᠳᠤᠯ ᠤᠨ | ᠶᠠᠪᠤᠴᠠ ᠳᠤ ᠪᠤᠢ ᠪᠤᠯᠤᠭᠰᠠᠨ ᠤᠨᠴᠠᠭᠠᠢ ᠰᠤᠶᠤᠯ ᠤᠨ ᠦᠵᠡᠭᠳᠡᠯ ᠪᠣᠯᠣᠨ᠎ᠠ᠂ ᠲᠡᠭᠦᠨ ᠤ ᠬᠦᠮᠦᠨ ᠪᠠᠶᠢᠭᠠᠯᠢ ᠡᠶ᠎ᠡ ᠵᠤᠬᠢᠴᠠᠯ ᠲᠠᠢ ᠤᠷᠤᠰᠢᠬᠤᠢ ᠶᠢ ᠮᠠᠰᠢ | ᠠᠮᠢᠳᠤᠯᠢᠭ ᠬᠠᠷᠠᠭᠤᠯᠤᠭᠰᠠᠨ ᠭᠠᠵᠠᠷ ᠤᠷᠤᠨ ᠤ ᠰᠤᠶᠤᠯ ᠤᠨ ᠰᠤᠳᠤᠨ ᠵᠢᠱᠢᠶ᠎ᠡ ᠭᠡᠵᠤ ᠬᠡᠯᠡᠵᠤ ᠪᠤᠯᠣᠨ᠎ᠠ᠃ ᠬᠦᠯᠦᠨ ᠪᠤᠶᠢᠷ ᠤᠷᠤᠨ ᠳᠤ ᠤᠢ ᠰᠢᠭᠤᠢ ᠶᠢᠨ ᠡᠬᠢ | ᠪᠠᠶᠠᠯᠢᠭ ᠮᠠᠰᠢ ᠡᠯᠪᠡᠭ ᠪᠠᠶᠠᠯᠢᠭ ᠪᠠᠶᠢᠵᠤ᠂ 13 ᠲᠦᠮᠡᠨ ᠲᠡᠭᠰᠢ ᠳᠦᠷᠪᠡᠯᠵᠢᠨ ᠺᠢᠯᠤᠮᠧᠳ᠋ᠷ ᠲᠠᠯᠠᠪᠠᠢ ᠪᠦᠬᠦᠢ ᠤᠢ ᠰᠢᠭᠤᠢ ᠨᠢ ᠬᠦᠯᠦᠨ ᠪᠤᠶᠢᠷ ᠤᠨ ᠡᠬᠡ | ᠭᠠᠵᠠᠷ ᠤᠨ 52.35% ᠶᠢ ᠪᠦᠷᠬᠦᠵᠤ᠂ 1400 ᠭᠠᠷᠦᠢ ᠵᠦᠢᠯ ᠤᠨ ᠭᠡᠭᠡᠷ᠎ᠡ ᠶᠢᠨ ᠤᠷᠭᠤᠮᠠᠯ ᠤᠷᠭᠤᠵᠤ᠂ ᠭᠡᠭᠡᠷ᠎ᠡ ᠶᠢᠨ ᠠᠮᠢᠲᠠᠨ ᠤ ᠲᠦᠷᠦᠯ ᠵᠦᠢᠯ ᠨᠢ ᠪᠦᠬᠦ | ᠤᠯᠤᠰ ᠤᠨ ᠭᠡᠭᠡᠷ᠎ᠡ ᠶᠢᠨ ᠠᠮᠢᠲᠠᠨ ᠤ ᠲᠦᠷᠦᠯ ᠵᠦᠢᠯ ᠤᠨ 12.3% ᠶᠢ ᠡᠵᠡᠯᠡᠵᠤ᠂ ᠶᠤᠰᠤᠲᠠᠢ ᠤᠢ ᠰᠢᠭᠤᠢ᠂ ᠭᠡᠭᠡᠷ᠎ᠡ ᠶᠢᠨ ᠠᠮᠢᠲᠠᠨ ᠤᠷᠭᠤᠮᠠᠯ ᠤᠨ | ᠬᠦᠭᠵᠢᠶᠡᠨᠲᠤ ᠵᠢᠷᠲᠢᠨᠴᠦ ᠪᠤᠯᠤᠭᠰᠠᠨ ᠪᠠᠶᠢᠳᠠᠭ᠃ ᠤᠷᠴᠤᠨ᠂ ᠡᠸᠡᠩᠬᠢ ᠵᠡᠷᠭᠡ ᠦᠨᠳᠦᠰᠦᠲᠡᠨ ᠲᠡᠦᠭᠡᠨ ᠠᠴᠠ ᠠᠪᠤᠭᠠᠳ ᠪᠢᠲᠡᠭᠦᠦ ᠪᠠᠯᠠᠷ ᠤᠢ ᠳᠤ ᠠᠩ | ᠠᠩᠨᠠᠯ ᠢᠶᠠᠷ ᠠᠮᠢᠳᠤᠷᠠᠨ ᠤᠷᠤᠰᠢᠵᠤ᠂ ᠦᠢᠯᠡᠳᠪᠦᠷᠢᠯᠡᠯ᠂ ᠬᠤᠪᠴᠠᠰᠦ ᠵᠠᠰᠠᠯ᠂ ᠢᠳᠡᠭᠡᠨ ᠤᠮᠳᠠᠭᠠᠨ ᠠᠴᠠ ᠠᠪᠤᠭᠠᠳ ᠨᠠᠭᠠᠳᠤᠮ ᠲᠤᠭᠯᠠᠭᠠᠮ ᠳᠠᠭᠠᠨ ᠬᠦᠷᠲᠡᠯ᠎ᠡ | ᠤᠢ ᠰᠢᠭᠤᠢ ᠠᠴᠠ ᠰᠠᠯᠵᠤ ᠴᠢᠳᠠᠬᠤ ᠦᠭᠡᠢ ᠪᠠᠶᠢᠵᠠᠢ᠃ ᠡᠶᠢᠨ ᠬᠦ ᠬᠠᠬᠢᠷ ᠬᠦᠢᠲᠡᠨ ᠪᠠᠶᠢᠭᠠᠯᠢ ᠤᠷᠴᠢᠨ᠂ ᠪᠡᠷᠭᠡ ᠬᠠᠲᠠᠭᠤ ᠠᠮᠢᠳᠤᠷᠠᠯ ᠤᠨ ᠨᠦᠭᠦᠴᠡᠯ ᠬᠢᠭᠡᠳ | ᠤᠨᠴᠠᠭᠠᠢ ᠠᠮᠢᠳᠤᠷᠠᠯ ᠤᠨ ᠠᠷᠭ᠎ᠠ ᠮᠠᠶ᠋ᠢᠭ ᠵᠡᠷᠭᠡ ᠨᠢ ᠠᠳᠡᠬᠢ ᠬᠦᠮᠦᠰ ᠢ ᠳᠠᠪᠲᠠᠨ ᠪᠤᠯᠪᠠᠰᠤᠷᠠᠭᠤᠯᠵᠤ᠂ ᠠᠭᠠᠵᠢᠮ ᠢᠶᠠᠷ ︽ᠨᠤᠭᠤᠭᠠᠨ᠂ ᠤᠷᠴᠢᠯ ᠲᠠᠢ᠂ ᠬᠠᠮᠳᠤ | ᠤᠷᠤᠰᠢᠬᠤ᠂ ᠨᠡᠭᠦᠷᠡᠰᠦᠳᠦ᠋ᠷᠦᠭᠴᠢ ᠪᠠᠭᠠᠲᠠᠢ︾ ᠤᠢ ᠰᠢᠭᠤᠢ ᠶᠢᠨ ᠰᠤᠶᠤᠯ ᠤᠨ ᠵᠤᠷᠢᠭ ᠰᠠᠨᠠᠭ᠎ᠠ ᠶᠢ ᠪᠦᠷᠢᠯᠳᠦᠭᠦᠯᠦᠭᠰᠡᠨ ᠪᠠᠶᠢᠨ᠎ᠠ᠃ | ᠬᠦᠯᠦᠨ ᠪᠤᠶᠢᠷ ᠤᠨ ᠲᠠᠯ᠎ᠠ ᠨᠢ ᠠᠭᠤᠳᠠᠮ᠂ ᠤᠢ ᠰᠢᠭᠤᠢ᠂ ᠭᠡᠭᠡᠷ᠎ᠡ ᠶᠢᠨ ᠠᠷᠢᠶᠠᠲᠠᠨ ᠠᠮᠢᠲᠠᠨ ᠡᠯᠪᠡᠭ ᠪᠠᠶᠢᠳᠠᠭ ᠢᠶᠠᠷ ᠪᠠᠷᠠᠬᠤ ᠦᠭᠡᠢ᠂ ᠰᠤᠶᠤᠯ ᠨᠢ ᠴᠦ | ᠤᠯᠠᠨ ᠲᠠᠯᠠᠴᠢᠯᠠᠭᠰᠠᠨ ᠪᠤᠯᠬᠤ ᠨᠢ ᠢᠯᠡᠷᠬᠡᠢ ᠶᠤᠮ᠃ ᠨᠦᠭᠦᠭᠡ ᠲᠠᠯ᠎ᠠ ᠪᠠᠷ᠂ ᠬᠦᠯᠦᠨ ᠪᠤᠶᠢᠷ ᠨᠢ ᠪᠦᠬᠦ ᠤᠯᠤᠰ ᠤᠨ ᠬᠡᠪᠴᠢᠶᠡᠨ ᠳᠤ ᠵᠢᠭᠤᠯᠴᠢᠯᠠᠯ ᠤᠨ ᠦᠢᠯᠡᠰ | ᠬᠦᠭᠵᠢᠭᠰᠡᠨ ᠪᠠᠶᠢᠳᠠᠭ ᠢᠶᠠᠷ ᠢᠶᠠᠨ ᠠᠯᠳᠠᠷ ᠨᠡᠷ᠎ᠡ ᠪᠠᠨ ᠮᠠᠨᠳᠤᠭᠤᠯᠵᠤ᠂ ᠤᠷᠢᠳ ᠬᠤᠵᠢᠳ ︽ᠳᠤᠮᠳᠠᠳᠤ ᠤᠯᠤᠰ ᠤᠨ ᠬᠠᠮᠤᠭ ᠤᠨ ᠦᠵᠡᠰᠭᠦᠯᠡᠩᠲᠤ ᠲᠠᠯ᠎ᠠ ᠨᠤᠳᠤᠭ | ︾᠂ ︽ᠳᠤᠮᠳᠠᠳᠤ ᠤᠯᠤᠰ ᠤᠨ ᠰᠢᠯᠢᠳᠡᠭ ᠵᠢᠭᠤᠯᠴᠢᠯᠠᠯ ᠤᠨ ᠬᠤᠲᠠ︾ ᠵᠡᠷᠭᠡ 20 ᠭᠠᠷᠤᠢ ᠢᠷᠠᠭᠤ ᠠᠯᠳᠠᠷ ᠢ ᠬᠦᠷᠲᠡᠵᠤ᠂ ᠦᠪᠦᠷ ᠮᠤᠩᠭᠤᠯ ᠤᠷᠤᠨ ᠤ 5A | ᠳᠡᠰ ᠤᠨ ᠦᠵᠡᠮᠵᠢ ᠶᠢᠨ ᠤᠷᠤᠨ ᠤ ᠲᠤᠭ᠎ᠠ ᠬᠠᠮᠤᠭ ᠤᠨ ᠤᠯᠠᠨ ᠠᠶᠢᠮᠠᠭ ᠬᠤᠲᠠ ᠪᠤᠯᠤᠭᠰᠠᠨ ᠶᠤᠮ᠃ ᠡᠶᠢᠨ ᠬᠦ 2025 ᠤᠨ ᠳᠤ ᠬᠦᠯᠦᠨ ᠪᠦᠢᠷ ᠬᠤᠲᠠ | ᠰᠤᠶᠤᠯ ᠵᠢᠭᠤᠯᠴᠢᠯᠠᠯ ᠤᠨ ᠲᠦᠷᠦᠯ ᠲᠡᠮᠳᠡᠭ ᠢ ᠠᠭᠤᠰᠤᠯᠴᠠᠭᠤᠯᠤᠨ ᠬᠦᠭᠵᠢᠬᠦᠯᠬᠦ ᠠᠰᠢᠭᠲᠠᠢ ᠳᠤᠬᠢᠶᠠᠯ ᠢ ᠠᠰᠢᠭᠯᠠᠨ᠂ ᠬᠦᠯᠦᠨ ᠪᠤᠶᠢᠷ ᠤᠨ ᠰᠤᠶᠤᠯ | ᠵᠢᠭᠤᠯᠴᠢᠯᠠᠯ ᠤᠨ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠳᠡᠭᠡᠭᠰᠢᠯᠡᠬᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠪᠠᠷ ᠬᠠᠷᠠᠯᠳᠠ ᠵᠤᠷᠢᠯᠭ᠎ᠠ ᠪᠠᠨ ᠪᠤᠯᠭᠠᠵᠤ | ᠪᠠᠶᠢᠭ᠎ᠠ ᠶᠤᠮ᠃ ᠡᠭᠦᠨ ᠳᠤ ᠵᠤᠷᠢᠭᠤᠯᠵᠤ ᠬᠦᠯᠦᠨ ᠪᠤᠶᠢᠷ ᠬᠤᠲᠠ ᠨᠢ ︽︿ᠠᠭᠤᠰᠤᠯᠴᠠᠯ ᠤᠨ ᠵᠠᠮ﹀ ᠭᠡᠬᠦ ᠰᠤᠶᠤᠯ ᠵᠢᠭᠤᠯᠴᠢᠯᠠᠯ ᠤᠨ ᠲᠦᠷᠦᠯ ᠲᠡᠮᠳᠡᠭ ᠢ ᠪᠤᠢ | ᠪᠤᠯᠭᠠᠬᠤ ᠪᠠᠷ ᠳᠠᠮᠵᠢᠭᠤᠯᠵᠤ ᠦᠨᠳᠦᠰᠦᠲᠡᠨ ᠨᠦᠭᠦᠳ ᠤᠨ ᠬᠤᠭᠤᠷᠤᠨᠳᠤᠬᠢ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠠᠬᠢᠭᠤᠯᠬᠤ ᠠᠵᠢᠯ ᠤᠨ ᠲᠦᠰᠦᠯ︾ ᠢ | ᠨᠡᠶᠢᠲᠡᠯᠡᠨ ᠬᠡᠷᠡᠭᠵᠢᠭᠦᠯᠵᠤ᠂ ︽ᠵᠢᠷᠭᠤᠭᠠᠨ ᠨᠢᠭᠡ︾ ᠶᠢᠨ ᠠᠵᠢᠯ ᠤᠨ ᠰᠡᠳᠭᠢᠴᠡ ᠶᠢ ᠳᠤᠷᠠᠳᠴᠠᠢ᠃ ᠲᠤᠬᠠᠶᠢᠯᠠᠪᠠᠯ᠂ ᠨᠢᠭᠡ ᠤᠳᠠᠭ᠎ᠠ ᠶᠢᠨ ᠳᠡᠯᠭᠡᠨ ᠦᠵᠡᠭᠦᠯᠭᠡ | ᠡᠷᠬᠢᠯᠡᠬᠦ᠂ ᠨᠢᠭᠡ ᠵᠤᠷᠪᠤᠰ ᠵᠢᠭᠤᠯᠴᠢᠯᠠᠯ ᠤᠨ ᠵᠠᠮ ᠱᠤᠭᠤᠮ ᠢ ᠲᠦᠰᠦᠪᠯᠡᠬᠦ᠂ ᠨᠢᠭᠡ ᠤᠬᠠᠭᠤᠯᠭ᠎ᠠ ᠰᠤᠷᠲᠠᠯᠴᠢᠯᠠᠭ᠎ᠠ ᠶᠢᠨ ᠬᠠᠮᠳᠤ ᠨᠢᠭᠡᠴᠢ ᠶᠢ ᠨᠢᠭᠡᠳᠭᠡᠵᠤ | ᠪᠠᠶᠢᠭᠤᠯᠬᠤ᠂ ᠨᠢᠭᠡ ᠤᠳᠠᠭ᠎ᠠ ᠶᠢᠨ ᠦᠪᠡᠷ ᠢᠶᠠᠨ ᠮᠠᠰᠢᠨ ᠪᠠᠷᠢᠵᠤ ᠵᠢᠭᠤᠯᠴᠢᠯᠠᠬᠤ ᠠᠵᠢᠯᠯᠠᠭ᠎ᠠ ᠵᠤᠬᠢᠶᠠᠨ ᠪᠠᠶᠢᠭᠤᠯᠬᠤ᠂ ᠨᠢᠭᠡ ᠤᠳᠠᠭ᠎ᠠ ᠶᠢᠨ ᠰᠢᠯᠢᠳᠡᠭ | ᠲᠤᠭᠯᠠᠯᠳᠠ ᠶᠢ ᠵᠤᠬᠢᠶᠠᠨ ᠪᠠᠶᠢᠭᠤᠯᠬᠤ᠂ ᠨᠢᠭᠡ ᠢᠵᠢ ᠴᠤᠪᠤᠷᠠᠯ ᠨᠤᠮ ᠨᠠᠶᠢᠷᠠᠭᠤᠯᠵᠤ ᠪᠢᠴᠢᠬᠦ ᠵᠡᠷᠭᠡ ︽ᠵᠢᠷᠭᠤᠭᠠᠨ ᠨᠢᠭᠡ︾ ᠶᠢ ᠳᠤᠷᠠᠳᠴᠦ᠂ ᠲᠦᠷᠦᠯ | ᠲᠡᠮᠳᠡᠭ ᠤᠨ ᠪᠠᠶᠢᠭᠤᠯᠤᠯᠳᠠ ᠳᠠᠭᠠᠨ ᠪᠤᠲᠠᠲᠠᠢ ᠪᠦᠭᠡᠳ ᠲᠤᠳᠤᠷᠬᠠᠢ ᠵᠠᠮ ᠴᠢᠭᠯᠡᠯ ᠢ ᠵᠢᠭᠠᠭᠰᠠᠨ ᠶᠤᠮ᠃ ᠡᠨᠡ ᠬᠦ ︽ᠠᠭᠤᠰᠤᠯᠴᠠᠯ ᠤᠨ ᠵᠠᠮ︾ ᠭᠡᠬᠦ ᠲᠦᠷᠦᠯ | ᠲᠡᠮᠳᠡᠭ ᠤᠨ ᠪᠠᠶᠢᠭᠤᠯᠤᠯᠳᠠ ᠶᠢ ᠪᠡᠶᠡᠯᠡᠬᠦᠯᠬᠦ ᠳᠤ ᠵᠠᠪᠠᠯ ᠰᠤᠶᠤᠯ ᠪᠠ ᠵᠢᠭᠤᠯᠴᠢᠯᠠᠯ ᠢ ᠨᠢᠭᠲᠠ ᠠᠭᠤᠰᠤᠯᠴᠠᠭᠤᠯᠬᠤ ᠬᠡᠷᠡᠭᠲᠡᠢ᠂ ᠳᠠᠷᠤᠢ ᠵᠢᠭᠤᠯᠴᠢᠯᠠᠯ ᠤᠨ ᠦᠢᠯᠡᠰ ᠢ | ᠡᠷᠬᠢᠯᠡᠨ ᠶᠠᠪᠤᠭᠳᠠᠭᠤᠯᠬᠤ᠂ ᠵᠢᠭᠤᠯᠴᠢᠯᠠᠭᠰᠠᠳ ᠲᠤ ᠦᠢᠯᠡᠴᠢᠯᠡᠬᠦ ᠶᠠᠪᠤᠴᠠ ᠳᠠᠭᠠᠨ ᠵᠠᠪᠠᠯ ᠰᠤᠶᠤᠯ ᠤᠨ ᠡᠯᠧᠮᠧᠨ᠋ᠲ ᠢ ᠤᠷᠤᠭᠤᠯᠬᠤ ᠠᠰᠠᠭᠤᠳᠠᠯ ᠢ ᠬᠦᠢᠴᠡᠳ | ᠪᠤᠳᠤᠯᠬᠢᠯᠠᠵᠤ᠂ ᠵᠢᠭᠤᠯᠴᠢᠯᠠᠯ ᠤᠨ ᠵᠠᠮ ᠱᠤᠭᠤᠮ ᠤᠨ ᠪᠦᠬᠦ ᠶᠠᠪᠤᠴᠠ ᠳᠤ ᠳᠡᠭᠡᠷ᠎ᠡ ᠳᠤᠷᠠᠳᠤᠭᠰᠠᠨ ᠰᠤᠶᠤᠯ ᠤᠨ ᠬᠦᠴᠦᠨ ᠵᠦᠢᠯᠡᠰ ᠢ ᠠᠭᠤᠰᠬᠠᠨ ᠤᠷᠤᠭᠤᠯᠵᠤ᠂ | ᠵᠢᠭᠤᠯᠴᠢᠯᠠᠭᠰᠠᠳ ᠲᠤ ᠵᠢᠭᠤᠯᠴᠢᠯᠠᠬᠤ ᠶᠠᠪᠤᠴᠠ ᠳᠤ ᠰᠤᠶᠤᠯ ᠤᠨ ᠬᠦᠷᠲᠡᠭᠡᠮᠵᠢ ᠤᠯᠭᠤᠬᠤ ᠶᠢ ᠪᠡᠶᠡᠯᠡᠬᠦᠯᠬᠦ ᠪᠠᠷ ᠴᠢᠷᠮᠠᠶᠢᠬᠤ ᠬᠡᠷᠡᠭᠲᠡᠢ᠃ ᠢᠩᠬᠢᠮᠡᠨᠵᠢᠨ ᠰᠠᠶ᠋ᠢ | ᠳᠤᠮᠳᠠᠳᠤ ᠶᠢᠨ ᠦᠨᠳᠦᠰᠦᠲᠡᠨ ᠤ ᠰᠤᠶᠤᠯ ᠤᠨ ᠡᠴᠢᠨ᠎ᠡ ᠭᠠᠶᠢᠬᠠᠮᠰᠢᠭ ᠢ ᠬᠦᠮᠦᠰ ᠲᠤ ᠮᠡᠳᠡᠷᠡᠭᠦᠯᠵᠤ᠂ ᠤᠮᠠᠷᠠᠲᠤ ᠬᠢᠯᠢ ᠶᠢᠨ ᠰᠤᠶᠤᠯ ᠤᠨ ᠪᠠᠶᠢᠭᠤᠯᠤᠯᠳᠠ ᠳᠤ | ᠵᠢᠩᠬᠢᠨᠢ ᠨᠢᠭᠡ ᠮᠦᠷᠦᠨ ᠤ ᠬᠦᠴᠦᠨ ᠢ ᠨᠡᠮᠡᠷᠢᠯᠡᠵᠤ ᠴᠢᠳᠠᠨ᠎ᠠ᠃ | ︵ᠵᠤᠬᠢᠶᠠᠭᠴᠢ ᠶᠢᠨ ᠬᠠᠶ᠋ᠢᠭ᠄ ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠮᠠᠷᠠᠳᠤ ᠬᠢᠯᠢ ᠶᠢᠨ ᠰᠤᠶᠤᠯ ᠰᠤᠳᠤᠯᠬᠤ | ᠭᠠᠵᠠᠷ ᠤᠨ ᠳᠠᠷᠤᠭ᠎ᠠ᠂ ᠰᠤᠳᠤᠯᠤᠭᠴᠢ︶ | | |