ᠦᠳᠡᠰᠢ ᠶᠢᠨ ᠪᠦᠷᠦᠢ ᠪᠤᠯᠬᠤ ᠪᠠᠷ ᠳᠤᠮᠳᠠᠳᠤ ᠤᠯᠤᠰ ᠤᠨ ᠴᠠᠭᠢᠯᠭᠠᠨ ᠬᠤᠯᠪᠣᠭᠠᠨ ᠤ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠥᠪᠥᠷ ᠮᠣᠩᠭᠤᠯ ᠳᠠᠬᠢ | ᠬᠤᠪᠢᠶᠠᠷᠢ ᠺᠤᠮᠫᠠᠨᠢ ᠶᠢᠨ ᠲᠣᠮᠣ ᠳ᠋ᠠᠶᠢᠲ᠋ᠠ ᠪᠣᠯᠣᠨ AI ᠲᠥᠪ ᠤᠨ ᠡᠭᠦᠯᠡᠨ ᠡᠭᠦᠳᠦᠯᠲᠡ ᠶᠢᠨ ᠠᠵᠢᠯᠯᠠᠬᠤ ᠲᠠᠰᠤᠭ ᠲᠤ᠂ ᠾᠧᠦ ᠰᠢᠶᠣᠣ ᠳ᠋ᠦᠩ ᠺᠤᠮᠫᠢᠦ᠋ᠲ᠋ᠧᠷ ᠤᠨ | ᠳᠡᠯᠭᠡᠴᠡ ᠳᠡᠭᠡᠷᠡᠬᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠨᠢᠳᠦ ᠰᠠᠯᠭᠠᠯ ᠦᠭᠡᠢ ᠬᠠᠷᠠᠵᠤ᠂ ᠬᠤᠷᠤᠭᠤ ᠪᠠᠷ ᠢᠶᠠᠨ ᠺᠤᠮᠫᠢᠦ᠋ᠲ᠋ᠧᠷ ᠤᠨ ᠳᠠᠷᠤᠪᠴᠢ ᠶᠢ ᠲᠦᠷᠭᠡᠨ | ᠲᠣᠭᠰᠢᠵᠤ ᠰᠠᠭᠤᠨ᠎ᠠ᠃ | ︽ᠪᠢᠳᠡ ᠲᠣᠭᠲᠠᠮᠠᠯ ᠬᠤᠭᠤᠴᠠᠭ᠎ᠠ ᠲᠠᠢ ᠪᠠᠷ ᠰᠢᠰᠲ᠋ᠧᠮ ᠤᠨ ᠲᠤᠭ᠎ᠠ ᠪᠠᠷᠢᠮᠲᠠ ᠶᠢ ᠨᠥᠭᠡᠴᠡᠯᠡᠨ ᠬᠠᠳᠠᠭᠠᠯᠠᠵᠤ᠂ ᠰᠡᠷᠭᠡᠭ ᠲᠤᠭ᠎ᠠ ᠪᠠᠷᠢᠮᠲᠠ ᠶᠢ ᠨᠢᠭᠤᠴᠠ ᠪᠠᠷ | ᠬᠠᠳᠠᠭᠠᠯᠠᠵᠤ᠂ ᠲᠤᠭ᠎ᠠ ᠪᠠᠷᠢᠮᠲᠠ ᠶᠢ ᠭᠡᠭᠡᠭᠳᠡᠭᠦᠯᠬᠦ ᠪᠠ ᠵᠠᠳᠠᠷᠠᠭᠤᠯᠬᠤ ᠠᠴᠠ ᠰᠡᠷᠭᠡᠶᠢᠯᠡᠳᠡᠭ᠃ ᠡᠭᠦᠯᠡᠨ ᠲᠠᠪᠴᠠᠩ ᠢ ᠰᠤᠳᠤᠯᠤᠨ ᠨᠡᠭᠡᠭᠡᠬᠦ᠂ ᠵᠥᠭᠡᠯᠡᠨ ᠲᠤᠨᠤᠭ ᠢ | ᠲᠤᠷᠰᠢᠨ ᠬᠡᠷᠡᠭᠯᠡᠬᠦ᠂ ᠫᠷᠣᠭ᠍ᠷᠠᠮ ᠨᠠᠶᠢᠷᠠᠭᠤᠯᠬᠤ᠂ ᠬᠡᠷᠡᠭᠯᠡᠨ ᠤ ᠠᠬᠤᠢ ᠪᠠᠶᠢᠳᠠᠯ ᠢ ᠥᠷᠭᠡᠳᠬᠡᠬᠦ ᠁︾ ᠴᠢᠮᠡᠭᠡ ᠬᠤᠯᠪᠣᠭᠠᠨ ᠤ ᠠᠵᠢᠯ ᠲᠥᠷᠥᠯ ᠤᠨ IT | ᠰᠢᠰᠲ᠋ᠧᠮ ᠤᠨ ᠠᠵᠢᠯᠯᠠᠭᠤᠯᠵᠤ ᠬᠠᠮᠠᠭᠠᠯᠠᠬᠤ ᠠᠵᠢᠯ ᠭᠡᠭᠴᠢ ᠴᠠᠭ ᠨᠡᠮᠡᠵᠦ ᠠᠵᠢᠯᠯᠠᠬᠤ᠂ ᠰᠥᠨᠢᠵᠢᠨ ᠰᠠᠭᠤᠬᠤ ᠪᠣᠯ ᠡᠩ ᠤᠨ ᠶᠠᠪᠤᠳᠠᠯ᠂ ᠭᠠᠷ ᠤᠲᠠᠰᠤ ᠪᠠᠨ 24 | ᠴᠠᠭ ᠢᠶᠠᠷ ᠬᠠᠭᠠᠵᠤ ᠪᠤᠯᠬᠤ ᠦᠭᠡᠢ᠂ ᠴᠠᠭ ᠢᠮᠠᠭᠲᠠ ᠵᠠᠷᠯᠢᠭ ᠬᠦᠯᠢᠶᠡᠳᠡᠭ ᠭᠡᠵᠦ ᠾᠧᠦ ᠰᠢᠶᠣᠣ ᠳ᠋ᠦᠩ ᠠᠵᠢᠯ ᠤᠨ ᠢᠶᠠᠨ ᠲᠤᠬᠠᠢ ᠲᠠᠨᠢᠯᠴᠠᠭᠤᠯᠤᠯ᠎ᠠ᠃ | ᠾᠧᠦ ᠰᠢᠶᠣᠣ ᠳ᠋ᠦᠩ᠂ ᠡᠨᠡ ᠵᠢᠯ 45 ᠨᠠᠰᠤᠲᠠᠢ᠃ ᠠᠩᠬ᠎ᠠ ᠠᠵᠢᠯ ᠤᠨ ᠪᠠᠶᠢᠷᠢ ᠳᠤ ᠭᠠᠷᠤᠭᠰᠠᠨ ᠭᠠᠯ ᠵᠠᠯᠠᠭᠤ ᠰᠢᠨ᠎ᠡ ᠬᠥᠮᠥᠨ ᠪᠠᠶᠢᠭᠰᠠᠨ ᠠᠴᠠ ᠪᠠᠨ | ᠡᠭᠦᠯᠡᠨ ᠪᠣᠳᠣᠯᠲᠠ ᠶᠢᠨ ᠬᠦᠷᠢᠶᠡᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯᠲᠡᠨ᠂ ᠳᠡᠭᠡᠳᠦ ᠵᠡᠷᠭᠡ ᠶᠢᠨ ᠢᠨᠵᠧᠨᠧᠷ ᠪᠣᠯᠣᠨ ᠬᠥᠮᠥᠵᠢᠭᠳᠡᠪᠡ᠂ ᠾᠧᠦ ᠰᠢᠶᠣᠣ | ᠳ᠋ᠦᠩ ᠴᠢᠮᠡᠭᠡ ᠬᠤᠯᠪᠣᠭᠠᠨ ᠤ ᠠᠵᠢᠯ ᠲᠦᠷᠦᠯ ᠤᠨ ᠤᠯᠠᠮᠵᠢᠯᠠᠯᠲᠤ ᠴᠢᠮᠡᠭᠡ ᠬᠤᠯᠪᠤᠭ᠎ᠠ ᠠᠴᠠ ᠣᠶᠤᠨᠴᠢᠯᠠᠭᠰᠠᠨ ᠲᠠᠪᠠᠯᠳᠠᠳᠤ ᠮᠠᠶ᠋ᠢᠭ ᠤᠨ ᠬᠥᠭᠵᠢᠯᠲᠡ ᠶᠢ | ᠥᠩᠭᠡᠷᠡᠭᠦᠯᠵᠦ᠂ 16 ᠵᠢᠯ ᠤᠨ ᠪᠣᠳᠠᠲᠤ ᠠᠵᠢᠯᠯᠠᠭ᠎ᠠ ᠪᠠᠷ ᠢᠶᠠᠨ ᠤᠳᠤ ᠦᠶ᠎ᠡ ᠶᠢᠨ ᠴᠠᠭᠢᠯᠭᠠᠨ ᠬᠤᠯᠪᠣᠭᠠᠨ ᠤ ᠬᠥᠮᠥᠰ ᠤᠨ ᠡᠭᠦᠷᠭᠡᠯᠡᠯ ᠪᠣᠯᠣᠨ ᠬᠠᠷᠢᠭᠤᠴᠠᠯᠭ᠎ᠠ ᠶᠢ | ᠲᠠᠶᠢᠯᠪᠤᠷᠢᠯᠠᠵᠤ᠂ ︽ᠡᠭᠦᠯᠡᠨ ᠵᠢᠷᠤᠭ ᠲᠥᠯᠥᠪᠯᠡᠭᠴᠢ︾ ᠬᠡᠮᠡᠭᠳᠡᠪᠡ᠃ | 2019 ᠣᠨ ᠳᠤ᠂ ᠾᠧᠦ ᠰᠢᠶᠣᠣ ᠳ᠋ᠦᠩ ᠤᠨ ᠲᠤᠰᠢᠶᠠᠯ ᠡᠭᠦᠷᠭᠡᠯᠡᠵᠦ ᠪᠠᠶᠢᠭᠰᠠᠨ ᠳᠤᠮᠳᠠᠳᠤ ᠤᠯᠤᠰ ᠤᠨ ᠴᠠᠭᠢᠯᠭᠠᠨ ᠬᠤᠯᠪᠣᠭᠠᠨ ᠤ ᠬᠤᠪᠢᠴᠠᠭᠠᠳᠤ | ᠬᠢᠵᠠᠭᠠᠷᠲᠤ ᠺᠤᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠤᠮᠫᠠᠨᠢ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠵᠠᠩᠭᠢᠯᠠᠭ᠎ᠠ ᠶᠢᠨ ᠬᠤᠭᠤᠴᠠᠭ᠎ᠠ ᠶᠢ | ᠤᠭᠲᠤᠨ ᠠᠪᠴᠠᠢ᠃ ᠭᠡᠲᠡᠯ᠎ᠡ᠂ ᠡᠨᠡ ᠬᠦ ᠪᠠᠶᠢᠳᠠᠯ ᠢ ᠰᠢᠢᠳᠪᠦᠷᠢᠯᠡᠬᠦ ᠵᠠᠮ ᠳᠤ ᠳᠠᠪᠬᠤᠷ ᠳᠠᠪᠬᠤᠷ ᠬᠦᠴᠢᠷᠳᠡᠯ ᠲᠤᠯᠭᠠᠷᠠᠪᠠ᠄ ᠭᠡᠯᠪᠡᠷᠢ ᠪᠠᠨ ᠬᠤᠪᠢᠷᠠᠭᠤᠯᠬᠤ | ᠲᠤᠷᠰᠢᠯᠭ᠎ᠠ ᠳᠤᠲᠠᠮᠠᠭ᠂ ᠲᠤᠰᠬᠠᠢ ᠲᠦᠷᠦᠯ ᠤᠨ ᠪᠡᠯᠡ ᠣᠷᠣᠭᠤᠯᠤᠯᠲᠠ ᠪᠣᠯᠣᠨ ᠮᠡᠷᠭᠡᠵᠢᠯ ᠤᠨ ᠨᠥᠭᠡᠴᠡ ᠬᠤᠶᠠᠷ ᠲᠠᠯ᠎ᠠ ᠪᠠᠷ ᠪᠦᠷ ᠪᠠᠴᠢᠮ ᠪᠠᠶᠢᠳᠠᠯ ᠳᠤ ᠣᠷᠣᠵᠤ᠂ | ᠮᠡᠷᠭᠡᠵᠢᠯ ᠤᠨ ᠲᠤᠯᠭᠠᠭᠤᠷᠢᠯᠠᠯ ᠨᠡᠩ ᠴᠤ ᠭᠠᠷ ᠮᠡᠬᠦᠰ ᠭᠠᠨᠵᠤᠭ᠎ᠠ ᠲᠠᠲᠠᠭᠤ ᠪᠠᠶᠢᠯ᠎ᠠ᠃ | ᠺᠤᠮᠫᠠᠨᠢ ᠶᠢᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠵᠢᠯ ᠤᠨ ᠳᠠᠭᠠᠭᠤᠯᠤᠭᠴᠢ ᠪᠣᠯᠤᠭᠰᠠᠨ ᠤ ᠬᠤᠪᠢ ᠳᠤ ᠾᠧᠦ ᠰᠢᠶᠣᠣ ᠳ᠋ᠦᠩ ᠡᠨᠡ | ᠤᠳᠠᠭ᠎ᠠ ᠴᠣ᠋ ︽ᠰᠢᠨ᠎ᠡ ᠶᠡᠭᠡ ᠰᠢᠯᠭᠠᠯᠲᠠ︾ ᠠᠴᠠ ᠬᠤᠶᠢᠰᠢ ᠤᠬᠤᠷᠢᠭ᠎ᠠ ᠦᠭᠡᠢ᠃ ᠲᠡᠷᠡ ᠵᠠᠭᠤᠨ ᠡᠳᠦᠷ ᠤᠨ ᠪᠠᠶᠢᠯᠳᠤᠭᠠᠨ ᠤ ᠲᠥᠯᠥᠪᠯᠡᠭᠡ ᠲᠣᠭᠲᠠᠭᠠᠵᠤ᠂ | ᠡᠳᠦᠷ ᠪᠦᠷᠢ ᠶᠢᠨ ᠠᠵᠢᠯ ᠠᠴᠠ ᠪᠠᠭᠤᠭᠰᠠᠨ ᠤ ᠳᠠᠷᠠᠭᠠᠬᠢ 2 ᠴᠠᠭ ᠢ ᠠᠰᠢᠭᠯᠠᠨ᠂ ᠪᠦᠯᠭᠦᠮ ᠤᠨ ᠭᠡᠰᠢᠭᠦᠳ ᠢᠶᠠᠨ ᠳᠠᠭᠠᠭᠤᠯᠤᠨ ᠴᠠᠭ ᠮᠥᠴᠡ ᠶᠢ ᠠᠯᠳᠠᠯ | ᠦᠭᠡᠢ ᠪᠠᠷ ᠮᠡᠷᠭᠡᠵᠢᠯ ᠳᠡᠭᠡᠭᠰᠢᠯᠡᠭᠦᠯᠭᠦ ᠪᠠᠷ ᠰᠤᠷᠤᠯᠴᠠᠵᠤ᠂ ᠮᠡᠳᠡᠯᠭᠡ ᠶᠢᠨ ᠪᠠᠬᠢᠯᠡᠯᠲᠡ ᠶᠢ ᠰᠢᠪᠲᠤᠯᠪᠠ᠃ ᠨᠢᠭᠡᠨ ᠵᠢᠵᠢᠭᠬᠡᠨ ᠬᠤᠷᠠᠯ ᠤᠨ ᠭᠡᠷ ᠲᠤ᠂ ᠬᠥᠮᠥᠨ ᠪᠦᠷᠢ | ᠨᠢᠭᠡ ᠭᠠᠷ ᠺᠤᠮᠫᠢᠦ᠋ᠲ᠋ᠧᠷ ᠠᠳᠬᠤᠵᠤ᠂ ᠢᠳᠡᠵᠦ ᠤᠤᠭᠤᠬᠤ ᠬᠤᠨᠣᠵᠤ ᠬᠡᠪᠲᠡᠬᠦ ᠪᠠᠨ ᠤᠮᠠᠷᠲᠠᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ ᠢᠷᠡᠵᠡᠢ᠃ | ᠲᠡᠳᠡ AI ᠮᠡᠷᠭᠡᠵᠢᠯ ᠢ ᠠᠰᠢᠭᠯᠠᠨ ︽ᠡᠭᠦᠯᠡᠨ ᠡᠭᠦᠳᠦᠯᠲᠡ ᠣᠶᠤᠨᠴᠢ ᠠᠵᠢᠯᠯᠠᠭᠠᠨ ᠤ ᠬᠠᠪᠰᠤᠷᠤᠭᠴᠢ︾ ᠶᠢ ᠰᠤᠳᠤᠯᠤᠨ ᠦᠢᠯᠡᠳᠴᠦ᠂ ᠮᠠᠰᠢᠨ ᠤ ᠥᠷᠥᠭᠡᠨ ᠤ | ᠲᠣᠭᠤᠷᠢᠨ ᠪᠠᠶᠢᠴᠠᠭᠠᠬᠤ ᠡᠭᠦᠷᠭᠡ ᠶᠢ ᠲᠦᠷᠭᠡᠨ ᠪᠡᠶᠡᠯᠡᠭᠦᠯᠵᠦ ᠴᠢᠳᠠᠭᠰᠠᠨ ᠢᠶᠠᠷ ᠪᠠᠷᠠᠬᠤ ᠦᠭᠡᠢ ᠨᠠᠷᠢᠨ ᠲᠣᠳᠣᠷᠬᠠᠢ ᠲᠣᠭᠤᠷᠢᠨ ᠪᠠᠶᠢᠴᠠᠭᠠᠯᠲᠠ ᠶᠢᠨ | ᠮᠡᠳᠡᠭᠦᠯᠦᠯᠲᠡ ᠶᠢ ᠳᠠᠷᠤᠶᠢᠬᠠᠨ ᠭᠦᠢᠴᠡᠳᠬᠡᠵᠦ ᠴᠢᠳᠠᠳᠠᠭ᠃ ᠡᠨᠡ ᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠨᠢ ᠠᠵᠢᠯᠯᠠᠭᠠᠨ ᠤ ᠦᠷ᠎ᠡ ᠪᠦᠲᠦᠮᠵᠢ ᠶᠢ ᠲᠤᠶᠢᠯ ᠤᠨ | ᠶᠡᠭᠡ ᠪᠠᠷ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠠᠵᠢᠯ ᠤᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠠᠵᠤ ᠠᠬᠤᠶᠢᠯᠠᠯ ᠤᠨ | ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠲᠡᠭᠦᠨ ᠤ ᠲᠥᠰᠥᠪᠯᠡᠨ | ᠰᠠᠶᠢᠵᠢᠷᠠᠭᠤᠯᠤᠭᠰᠠᠨ ᠡᠭᠦᠯᠡᠨ ᠬᠠᠳᠠᠭᠠᠯᠠᠯᠲᠠ ᠶᠢᠨ ᠠᠷᠭ᠎ᠠ ᠨᠢ ᠺᠤᠮᠫᠠᠨᠢ ᠳᠤ 200 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠠᠷᠪᠢᠯᠠᠵᠤ ᠥᠭᠪᠡ᠃ | ᠾᠧᠦ ᠰᠢᠶᠣᠣ ᠳ᠋ᠦᠩ ᠪᠦᠯᠭᠦᠮ ᠢᠶᠠᠨ ᠳᠠᠭᠠᠭᠤᠯᠤᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠥᠷᠢᠰᠦᠯᠳᠦᠭᠡᠨ ᠳᠤ ᠵᠣᠷᠢᠭᠲᠠᠢ ᠪᠠᠷ | ᠬᠠᠨᠳᠤᠵᠤ᠂ ︽ᠶᠡᠭᠡ ᠰᠢᠯᠭᠠᠯᠲᠠ︾ ᠶᠢ ᠳᠠᠪᠠᠵᠤ᠂ ᠠᠵᠢᠯ ᠲᠥᠷᠥᠯ ᠤᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ | ᠲᠤᠲᠠᠭᠳᠠᠵᠤ ᠪᠣᠯᠣᠰᠢ ᠦᠭᠡᠢ ᠬᠦᠴᠦᠨ ᠴᠢᠳᠠᠯ ᠢᠶᠠᠨ ᠡᠷᠭᠦᠪᠡ᠃ ︽ᠶᠠᠭ ᠡᠨᠡ ᠤᠳᠠᠭ᠎ᠠ ᠶᠢᠨ ︿ᠶᠡᠭᠡ ᠰᠢᠯᠭᠠᠯᠲᠠ﹀ ᠶᠢ ᠥᠩᠭᠡᠷᠡᠭᠡᠭᠡᠳ᠂ ᠮᠠᠨ ᠤ ᠪᠦᠯᠭᠦᠮ | ᠦᠳᠲᠡᠷ ᠲᠦᠷᠭᠡᠨ ᠦᠰᠦᠨ ᠪᠣᠶᠢᠵᠢᠵᠤ᠂ ᠬᠤᠶᠢᠰᠢᠳᠠ ᠶᠢᠨ ᠠᠵᠢᠯ ᠳᠤ ᠪᠠᠨ ᠯᠠᠪᠳᠠᠭᠤᠨ ᠪᠠᠲᠤᠲᠠᠢ ᠰᠠᠭᠤᠷᠢ ᠶᠢ ᠲᠠᠯᠪᠢᠵᠤ ᠥᠭᠴᠡᠢ︾ ᠭᠡᠵᠦ ᠾᠧᠦ ᠰᠢᠶᠣᠣ | ᠳ᠋ᠦᠩ ᠬᠡᠯᠡᠨ᠎ᠡ᠃ | ᠨᠢᠳᠦ ᠢᠷᠮᠡᠬᠦ ᠶᠢᠨ ᠵᠠᠭᠤᠷ᠎ᠠ 2021 ᠣᠨ ᠪᠣᠯᠣᠯ᠎ᠠ᠃ ᠺᠤᠮᠫᠠᠨᠢ ᠶᠢᠨ IT ᠰᠢᠰᠲ᠋ᠧᠮ ᠢ ᠪᠦᠭᠦ ᠲᠠᠯ᠎ᠠ ᠪᠠᠷ ᠡᠭᠦᠯᠡᠨ ᠳᠤ ᠭᠠᠷᠭᠠᠬᠤ ᠬᠠᠲᠠᠭᠤ ᠡᠭᠦᠷᠭᠡ ᠾᠧᠦ | ᠰᠢᠶᠣᠣ ᠳ᠋ᠦᠩ ᠤᠨ ᠮᠥᠷᠥᠨ ᠳᠡᠭᠡᠷ᠎ᠡ ᠲᠠᠯᠪᠢᠭᠳᠠᠪᠠ᠃ ᠾᠧᠦ ᠰᠢᠶᠣᠣ ᠳ᠋ᠦᠩ ᠤᠨ ᠪᠦᠯᠭᠦᠮ ᠤᠨ ᠬᠢᠨ ᠡᠳᠦᠷ ᠰᠥᠨᠢ ᠦᠭᠡᠢ ᠴᠢᠷᠮᠠᠶᠢᠨ 2000 ᠭᠠᠷᠤᠢ PC | ᠦᠢᠯᠡᠴᠢᠯᠡᠭᠦᠷ ᠤᠨ ᠪᠦᠯᠦᠭᠵᠢᠯ ᠢᠶᠠᠷ ᠪᠦᠷᠢᠯᠳᠦᠭᠰᠡᠨ ᠶᠡᠭᠡ ᠬᠡᠪᠴᠢᠶᠡᠨ ᠤ ᠡᠭᠦᠯᠡᠨ ᠪᠣᠳᠣᠯᠲᠠ ᠶᠢᠨ ᠰᠠᠭᠤᠷᠢ ᠲᠠᠪᠴᠠᠩ ᠢ ᠠᠮᠵᠢᠯᠲᠠ ᠲᠠᠢ ᠪᠠᠶᠢᠭᠤᠯᠤᠭᠰᠠᠨ | ᠪᠥᠭᠡᠳ ᠡᠭᠦᠯᠡᠨ ᠳᠤ ᠭᠠᠷᠭᠠᠬᠤ ᠠᠵᠢᠯ ᠢ ᠬᠠᠭᠠᠰ ᠵᠢᠯ ᠤᠷᠢᠳᠴᠢᠯᠠᠨ ᠪᠡᠶᠡᠯᠡᠭᠦᠯᠪᠡ᠃ ᠲᠣᠰ ᠵᠢᠯ ᠳᠤ᠂ ᠺᠤᠮᠫᠠᠨᠢ ᠨᠢ ᠪᠦᠭᠦ ᠤᠯᠤᠰ ᠤᠨ ︽ᠡᠭᠦᠯᠡᠨ ᠳᠤ | ᠭᠠᠷᠭᠠᠬᠤ ᠲᠡᠷᠢᠭᠦᠨ ᠤ ᠨᠢᠭᠡᠴᠢ︾ ᠪᠠ ︽ᠡᠭᠦᠯᠡᠨ ᠳᠤ ᠭᠠᠷᠭᠠᠬᠤ ᠪᠣᠭᠤᠮᠲᠠ ᠰᠢᠪᠲᠤᠯᠬᠤ ᠨᠢᠭᠡᠴᠢ︾ ᠶᠢᠨ ᠢᠷᠠᠭᠤ ᠠᠯᠳᠠᠷ ᠢ ᠭᠦᠷᠳᠡᠪᠡ᠃ | ᠡᠭᠦᠯᠡᠨ ᠪᠣᠳᠣᠯᠲᠠ᠂ ᠣᠶᠤᠨᠴᠢ ᠪᠣᠳᠣᠯᠲᠠ ᠶᠢᠨ ᠴᠢᠳᠠᠪᠤᠷᠢ ᠪᠣᠯ ᠲᠣᠭᠠᠴᠢᠯᠠᠭᠰᠠᠨ ᠳᠤᠮᠳᠠᠳᠤ ᠤᠯᠤᠰ᠂ ᠲᠣᠭᠠᠴᠢᠯᠠᠭᠰᠠᠨ ᠠᠵᠤ ᠠᠬᠤᠢ ᠶᠢᠨ ᠭᠡᠯᠪᠡᠷᠢ ᠪᠠᠨ | ᠬᠤᠪᠢᠷᠠᠭᠤᠯᠬᠤ ᠡᠵᠡᠩᠨᠡᠯᠲᠡ ᠶᠢᠨ ᠭᠡᠯᠪᠡᠷᠢ ᠶᠢᠨ ᠰᠠᠭᠤᠷᠢ ᠮᠥᠨ᠂ ᠪᠠᠰᠠ ᠴᠤ ᠠᠵᠤ ᠠᠬᠤᠶᠢᠯᠠᠯ ᠤᠨ ᠭᠤᠣᠯ ᠰᠠᠭᠤᠷᠢ ᠮᠥᠨ᠃ ᠾᠧᠦ ᠰᠢᠶᠣᠣ ᠳ᠋ᠦᠩ ᠮᠡᠳᠡᠭᠡ | ᠵᠠᠩᠭᠢ ᠶᠢᠨ ᠬᠤᠪᠢᠰᠬᠠᠯ ᠤᠨ ᠤᠷᠤᠰᠬᠠᠯ ᠤᠨ ᠳᠤᠮᠳᠠ ᠦᠷᠭᠦᠯᠵᠢᠯᠡᠨ ᠳᠠᠪᠠᠯᠭᠠᠨ ᠢ ᠵᠦᠰᠦᠨ ᠤᠷᠤᠭᠰᠢᠯᠠᠪᠠ᠃ | 2022 ᠣᠨ ᠳᠤ᠂ ᠾᠧᠦ ᠰᠢᠶᠣᠣ ᠳ᠋ᠦᠩ ᠲᠦᠷᠦᠭᠦᠯᠡᠨ ᠨᠢᠭᠡ ᠴᠣᠭᠴᠠᠵᠢᠭᠤᠯᠤᠭᠰᠠᠨ ᠠᠵᠢᠯᠯᠠᠭᠤᠯᠵᠤ ᠬᠠᠮᠠᠭᠠᠯᠠᠬᠤ ᠲᠠᠪᠴᠠᠩ ᠢ ᠪᠡᠶ᠎ᠡ ᠪᠠᠨ ᠳᠠᠭᠠᠭᠠᠵᠤ | ᠰᠤᠳᠤᠯᠤᠨ ᠨᠡᠭᠡᠭᠡᠵᠦ᠂ ᠲᠠᠪᠤᠨ ᠳᠠᠪᠬᠤᠷ ︽ᠦᠵᠦᠭᠦᠷ ᠠᠴᠠ ᠦᠵᠦᠭᠦᠷ ᠬᠦᠷᠬᠦ︾ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠰᠠᠭᠠᠳ ᠤᠨ ᠦᠨᠳᠦᠰᠦ | ᠰᠤᠷᠪᠤᠯᠵᠢ ᠶᠢ ᠦᠳᠲᠡᠷ ᠲᠦᠷᠭᠡᠨ ᠢᠶᠠᠷ ᠪᠠᠶᠢᠷᠢ ᠲᠣᠭᠲᠠᠭᠠᠯᠲᠠ ᠬᠢᠬᠦ ᠶᠢ ᠪᠡᠶᠡᠯᠡᠭᠦᠯᠵᠦ᠂ ᠲᠤᠬᠠᠶᠢᠯᠠᠭᠰᠠᠨ ᠠᠵᠢᠯ ᠲᠠᠰᠤᠯᠳᠠᠬᠤ ᠠᠶᠤᠯ ᠲᠦᠭᠰᠢᠭᠦᠷᠢ ᠶᠢ | ᠪᠠᠭᠠᠰᠬᠠᠵᠤ᠂ ᠰᠢᠰᠲ᠋ᠧᠮ ᠤᠨ ᠠᠵᠢᠯᠯᠠᠭᠠᠨ ᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ︔ 2023 ᠣᠨ ᠳᠤ᠂ ᠤᠯᠤᠰ ᠤᠨ ᠭᠠᠳᠠᠭᠠᠳᠤ ᠶᠢᠨ ᠳ᠋ᠠᠶᠢᠲ᠋ᠠ | ᠬᠥᠮᠥᠷᠭᠡ ᠳᠤ ᠲᠦᠰᠢᠭᠯᠡᠬᠦ ᠠᠴᠠ ᠮᠤᠯᠲᠤᠷᠠᠬᠤ ᠶᠢᠨ ᠲᠥᠯᠥᠭᠡ᠂ ᠲᠡᠷᠡ ᠪᠡᠶ᠎ᠡ ᠪᠠᠨ ᠳᠠᠭᠠᠭᠠᠵᠤ ᠳ᠋ᠠᠶᠢᠲ᠋ᠠ ᠬᠥᠮᠥᠷᠭᠡ ᠶᠢ ᠰᠤᠳᠤᠯᠤᠨ ᠨᠡᠭᠡᠭᠡᠬᠦ ᠲᠠᠯ᠎ᠠ ᠪᠠᠷ ᠲᠤᠷᠰᠢᠯᠲᠠ | ᠬᠢᠵᠦ᠂ 9 ᠰᠠᠷ᠎ᠠ ᠭᠠᠷᠤᠢ ᠶᠢᠨ ᠴᠢᠷᠮᠠᠶᠢᠯᠭ᠎ᠠ ᠪᠠᠷ ᠳᠡᠮᠵᠢᠨ ᠮᠤᠵᠢ ᠶᠢᠨ ᠺᠤᠮᠫᠠᠨᠢ ᠶᠢᠨ ᠴᠤᠭᠯᠠᠷᠠᠯ ᠬᠥᠮᠥᠷᠭᠡ ᠶᠢᠨ ︽0︾ ᠢ ᠦᠭᠡᠢ ᠪᠤᠯᠭᠠᠬᠤ ᠬᠦᠴᠢᠷ | ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠭᠰᠡᠨ ᠪᠥᠭᠡᠳ ᠪᠠᠰᠠ ᠪᠤᠰᠤᠳ ᠮᠤᠵᠢ ᠣᠷᠣᠨ ᠤ ᠠᠳᠠᠯᠢᠬᠠᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠡᠷᠬᠢᠮ | ᠨᠠᠨᠳᠢᠨ ᠲᠤᠷᠰᠢᠯᠭ᠎ᠠ ᠬᠠᠩᠭᠠᠭᠰᠠᠨ ᠪᠠᠶᠢᠨ᠎ᠠ᠃ | 2024 ᠣᠨ ᠳᠤ᠂ ᠳᠤᠮᠳᠠᠳᠤ ᠤᠯᠤᠰ ᠤᠨ ᠴᠠᠭᠢᠯᠭᠠᠨ ᠬᠤᠯᠪᠣᠭᠠᠨ ᠤ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ | ᠺᠤᠮᠫᠠᠨᠢ ᠶᠢᠨ ᠲᠣᠮᠣ ᠳ᠋ᠠᠶᠢᠲ᠋ᠠ ᠪᠠ AI ᠲᠥᠪ ᠨᠢ ᠡᠭᠦᠯᠡᠨ ᠡᠭᠦᠳᠦᠯᠲᠡ ᠶᠢᠨ ᠠᠵᠢᠯᠯᠠᠬᠤ ᠦᠷᠦᠭᠡ ᠶᠢ ᠪᠠᠶᠢᠭᠤᠯᠵᠤ᠂ ᠾᠧᠦ ᠰᠢᠶᠣᠣ ᠳ᠋ᠦᠩ | ᠰᠠᠨᠠᠭᠠᠴᠢᠯᠠᠭ᠎ᠠ ᠠᠴᠠ ᠪᠠᠨ ᠠᠵᠢᠯᠯᠠᠬᠤ ᠦᠷᠦᠭᠡ ᠶᠢᠨ ᠬᠠᠷᠢᠭᠤᠴᠠᠯᠭᠠᠲᠠᠨ ᠪᠤᠯᠬᠤ ᠪᠠᠷ ᠭᠤᠶᠤᠴᠢᠯᠠᠪᠠ᠃ | ᠠᠵᠢᠯᠯᠠᠬᠤ ᠦᠷᠦᠭᠡ ᠪᠠᠶᠢᠭᠤᠯᠤᠭᠳᠠᠭᠰᠠᠨ ᠠᠴᠠ ᠨᠠᠭᠠᠰᠢ᠂ ᠾᠧᠦ ᠰᠢᠶᠣᠣ ᠳ᠋ᠦᠩ ᠪᠦᠯᠭᠦᠮ ᠢᠶᠠᠨ ᠳᠠᠭᠠᠭᠤᠯᠤᠨ ᠠᠯᠢ ᠣᠯᠠᠨ ᠰᠢᠨ᠎ᠡ ᠶᠢ ᠡᠭᠦᠳᠬᠦ | ᠴᠢᠨᠠᠷᠲᠠᠢ ᠠᠵᠢᠯ ᠢ ᠬᠢᠪᠡ᠃ ᠮᠤᠵᠢ ᠶᠢᠨ ᠬᠡᠪᠴᠢᠶᠡᠨ ᠤ ᠡᠭᠦᠯᠡᠨ ᠲᠠᠲᠠᠭᠠᠯ ᠤᠨ ᠳᠣᠲᠣᠷᠠᠬᠢ 8082 IT ᠡᠳ᠋ ᠬᠥᠷᠥᠩᠭᠡ ᠶᠢ ᠨᠢᠭᠡᠳᠦᠯᠲᠡᠢ ᠪᠠᠷᠢᠮᠵᠢᠶᠠᠵᠢᠭᠰᠠᠨ | ᠠᠵᠢᠯᠯᠠᠭᠤᠯᠵᠤ ᠬᠠᠮᠠᠭᠠᠯᠠᠬᠤ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ ᠡᠭᠦᠯᠡᠨ ᠲᠠᠲᠠᠭᠠᠯ ᠤᠨ ᠡᠳ᠋ ᠬᠥᠷᠥᠩᠭᠡ ᠶᠢ ᠪᠠᠷᠤᠭ 578 ᠲᠦᠮᠡᠨ ᠲᠥᠭᠦᠷᠢᠭ | ᠠᠮᠢᠯᠠᠭᠤᠯᠪᠠ᠃ AI ᠪᠠ ᠳ᠋ᠠᠶᠢᠲ᠋ᠠ ᠶᠢᠨ ᠮᠡᠷᠭᠡᠵᠢᠯ ᠢ ᠭᠦᠨᠵᠡᠭᠡᠢ ᠠᠭᠤᠰᠤᠯᠴᠠᠭᠤᠯᠵᠤ᠂ ᠣᠶᠤᠨᠴᠢᠯᠠᠭᠰᠠᠨ ᠠᠵᠢᠯᠯᠠᠭᠤᠯᠵᠤ ᠬᠠᠮᠠᠭᠠᠯᠠᠬᠤ ᠰᠢᠰᠲ᠋ᠧᠮ ᠢ ᠪᠠᠶᠢᠭᠤᠯᠵᠤ᠂ | ᠰᠠᠭᠠᠳ ᠲᠣᠳᠬᠠᠷ ᠢ ᠣᠶᠤᠨᠴᠢ ᠪᠠᠷ ᠬᠢᠨᠠᠨ ᠡᠵᠡᠮᠳᠡᠬᠦ᠂ ᠰᠠᠭᠠᠳ ᠲᠣᠳᠬᠠᠷ ᠢ ᠠᠦ᠋ᠲ᠋ᠣ᠋ ᠪᠠᠷ ᠰᠡᠷᠭᠦᠭᠡᠬᠦ᠂ ᠲᠤᠭ᠎ᠠ ᠪᠠᠷᠢᠮᠲᠠ ᠶᠢ ᠣᠶᠤᠨᠴᠢ ᠪᠠᠷ ᠵᠠᠳᠠᠯᠬᠤ ᠪᠦᠭᠦ | ᠶᠠᠪᠤᠴᠠ ᠶᠢ ᠬᠠᠮᠤᠷᠤᠭᠤᠯᠵᠠᠢ᠃ | ︽ᠴᠢᠮᠡᠭᠡ ᠬᠤᠯᠪᠣᠭᠠᠨ ᠤ ᠠᠵᠢᠯ ᠲᠥᠷᠥᠯ ᠤᠨ ᠮᠡᠷᠭᠡᠵᠢᠯ ᠤᠨ ᠳᠠᠪᠬᠤᠴᠠᠯ ᠬᠤᠷᠳᠤᠴᠠ ᠲᠠᠰᠤᠷᠠᠯᠲᠠ ᠦᠭᠡᠢ ᠲᠦᠷᠭᠡᠳᠴᠦ᠂ ᠡᠳᠦᠷ ᠢᠷᠡᠬᠦᠶ᠎ᠡ ᠰᠢᠨᠡᠳᠦᠨ | ᠬᠤᠪᠢᠷᠠᠵᠤ ᠪᠤᠢ᠃ ᠰᠠᠨᠠᠭᠠᠴᠢᠯᠠᠭᠠᠲᠤ ᠡᠷᠬᠡ ᠶᠢ ᠣᠯᠬᠤ ᠳᠤ ᠡᠷᠬᠡᠪᠰᠢ ᠲᠠᠰᠤᠷᠠᠯᠲᠠ ᠦᠭᠡᠢ ᠰᠤᠷᠤᠯᠴᠠᠵᠤ᠂ ᠥᠪᠡᠷ ᠢ ᠪᠠᠨ ᠳᠡᠭᠡᠭᠰᠢᠯᠡᠭᠦᠯᠭᠦ ᠬᠡᠷᠡᠭᠲᠡᠢ︾ ᠭᠡᠵᠦ | ᠾᠧᠦ ᠰᠢᠶᠣᠣ ᠳ᠋ᠦᠩ ᠭᠦᠨ ᠲᠥᠷᠥᠭᠳᠡᠯ ᠲᠠᠢ ᠶᠠᠷᠢᠨ᠎ᠠ᠃ ᠲᠡᠭᠦᠨ ᠤ ᠳᠠᠭᠠᠭᠤᠯᠭ᠎ᠠ ᠳᠣᠣᠷ᠎ᠠ᠂ ᠪᠦᠯᠭᠦᠮ ᠤᠨ ᠬᠢᠨ ᠬᠦᠨᠳᠦ ᠡᠭᠦᠷᠭᠡ ᠶᠢ ᠡᠭᠦᠷᠭᠡᠯᠡᠵᠦ᠂ ᠭᠠᠷᠮᠠᠭᠠᠢ | ᠪᠣᠳᠠᠲᠤ ᠬᠦᠴᠦᠨ ᠢᠶᠠᠨ ᠢᠯᠡᠷᠡᠭᠦᠯᠵᠦ᠂ ᠤᠳᠠᠭ᠎ᠠ ᠳᠠᠷᠠᠭᠠᠯᠠᠨ ᠰᠢᠯᠢᠳᠡᠭ ᠠᠮᠵᠢᠯᠲᠠ ᠣᠯᠵᠠᠢ᠃ ᠮᠠᠰᠢ ᠣᠯᠠᠨ ᠬᠥᠮᠥᠨ ᠨᠢᠭᠡᠨᠲᠡ ᠳᠡᠭᠡᠳᠦ ᠲᠠᠰ ᠤᠨ ᠬᠠᠮ | ᠴᠢᠳᠠᠪᠤᠷᠢᠲᠠᠨ ᠪᠣᠯᠵᠤ᠂ ᠠᠵᠢᠯᠯᠠᠭᠤᠯᠵᠤ ᠬᠠᠮᠠᠭᠠᠯᠠᠬᠤ ᠲᠤᠭ᠎ᠠ ᠪᠠᠷᠢᠮᠲᠠ ᠶᠢ ᠭᠦᠨᠵᠡᠭᠡᠢ ᠵᠠᠳᠠᠯᠬᠤ ᠴᠢᠳᠠᠪᠤᠷᠢ ᠲᠠᠢ ᠪᠣᠯᠵᠤ᠂ ᠪᠠᠶᠢᠩᠭᠤ ᠲᠣᠬᠢᠶᠠᠯᠳᠤᠳᠠᠭ ᠰᠠᠭᠠᠳ | ᠲᠣᠳᠬᠠᠷ ᠢ ᠵᠠᠰᠠᠨ ᠰᠡᠷᠭᠦᠭᠡᠬᠦ ᠠᠷᠭ᠎ᠠ ᠪᠣᠳᠣᠯᠭ᠎ᠠ ᠶᠢ ᠨᠠᠷᠢᠨ ᠣᠨᠣᠪᠴᠢᠲᠠᠶ ᠲᠣᠭᠲᠠᠭᠠᠬᠤ ᠶᠢᠨ ᠬᠠᠮᠲᠤ ᠰᠠᠭᠠᠳ ᠲᠣᠳᠬᠠᠷ ᠢ ᠵᠠᠰᠠᠨ ᠰᠡᠷᠭᠦᠭᠡᠬᠦ ᠠᠦ᠋ᠲ᠋ᠣᠴᠢᠯᠠᠭᠰᠠᠨ | ᠫᠷᠣᠭ᠍ᠷᠠᠮ ᠢ ᠪᠡᠶ᠎ᠡ ᠪᠠᠨ ᠳᠠᠭᠠᠭᠠᠵᠤ ᠨᠠᠶᠢᠷᠠᠭᠤᠯᠤᠨ ᠪᠢᠴᠢᠵᠦ ᠴᠢᠳᠠᠬᠤ ᠪᠣᠯᠵᠠᠢ᠃ ᠡᠨᠡ ᠬᠦ ᠵᠠᠯᠠᠭᠤ ᠪᠦᠯᠭᠦᠮ ᠤᠨ ᠪᠦᠷᠢᠯᠳᠦᠭᠦᠨ ᠤ ᠳᠤᠮᠳᠠᠴᠢ ᠨᠠᠰᠤ ᠨᠢ ᠰᠠᠶ᠋ᠢ 32 | ᠪᠢᠯᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠮ ᠳᠡᠭᠡᠷ᠎ᠡ ᠾᠧᠦ ᠰᠢᠶᠣᠣ ᠳ᠋ᠦᠩ ᠴᠤᠴᠠᠯᠲᠠ ᠦᠭᠡᠢ ᠤᠷᠤᠭᠰᠢᠯᠠᠨ ᠲᠡᠮᠡᠴᠡᠭᠰᠡᠭᠡᠷ | ᠢᠷᠡᠵᠠᠢ᠃ ᠡᠭᠦᠨ ᠤ ᠬᠥᠳᠡᠯᠭᠡᠬᠦ ᠬᠦᠴᠦᠨ ᠨᠢ ᠶᠠᠭᠤ ᠪᠤᠢ ᠭᠡᠵᠦ ᠠᠰᠠᠭᠤᠪᠠᠯ ᠾᠧᠦ ᠰᠢᠶᠣᠣ ᠳ᠋ᠦᠩ᠄ ︽ᠰᠢᠨ᠎ᠡ ᠶᠢ ᠡᠭᠦᠳᠬᠦ ᠵᠣᠷᠢᠭ ᠰᠠᠨᠠᠭ᠎ᠠ ᠨᠢ ᠶᠠᠭ ᠯᠠ | ᠬᠡᠷᠡᠯᠳᠦ ᠴᠠᠮᠬᠠᠭ ᠰᠢᠭ᠋ ᠢᠶᠠᠷ ᠪᠢᠳᠡᠨ ᠤ ᠤᠷᠤᠭᠰᠢᠯᠠᠬᠤ ᠵᠠᠮ ᠢ ᠭᠡᠷᠡᠯᠳᠤᠭᠦᠯᠦᠨᠡ︾ ᠭᠡᠵᠡᠢ᠃ | 4 ᠰᠠᠷ᠎ᠠ ᠶᠢᠨ 28 ᠤ ᠦᠳᠡ ᠶᠢᠨ ᠡᠮᠦᠨ᠎ᠡ᠂ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ | ᠰᠠᠶᠢᠰᠢᠶᠠᠬᠤ ᠶᠡᠭᠡ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠾᠧᠦ ᠰᠢᠶᠣᠣ ᠳ᠋ᠦᠩ ᠮᠠᠨ ᠤ ᠣᠷᠣᠨ ᠤ 60 | ᠬᠥᠬᠢᠭᠦᠯᠦᠨ ᠰᠠᠶᠢᠰᠢᠶᠠᠭᠳᠠᠭᠴᠢ ᠶᠢᠨ ᠨᠢᠭᠡ ᠪᠣᠯᠤᠭᠰᠠᠨ ᠤ ᠬᠤᠪᠢ ᠳᠤ ᠪᠡᠭᠡᠵᠢᠩ ᠳᠤ ᠬᠦᠷᠴᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠪᠠ᠃ | ︽ᠠᠷᠠᠳ ᠤᠨ ᠶᠡᠭᠡ ᠬᠤᠷᠠᠯ ᠤᠨ ᠲᠠᠩᠬᠢᠮ ᠳᠤ ᠤᠯᠤᠰ ᠤᠨ ᠰᠦᠯᠳᠡ ᠳᠠᠭᠤᠤ ᠶᠢ ᠬᠥᠭᠵᠢᠮᠳᠡᠬᠦ ᠦᠶ᠎ᠡ ᠳᠤ᠂ ᠠᠯᠠᠭ᠎ᠠ ᠲᠡᠰᠢᠯᠲᠡ ᠶᠢᠨ ᠳᠠᠭᠤᠨ ᠨᠢᠵᠢᠭᠢᠨᠡᠬᠦ | ᠦᠶ᠎ᠡ ᠳᠤ ᠪᠢ ᠡᠬᠡ ᠤᠯᠤᠰ ᠤᠨ ᠢᠶᠠᠨ ᠬᠦᠴᠦᠷᠬᠡᠭ ᠶᠡᠭᠡ ᠶᠢ ᠰᠡᠳᠬᠢᠯ ᠳᠡᠭᠡᠨ ᠮᠡᠳᠡᠷᠡᠵᠦ᠂ ᠣᠮᠣᠭᠰᠢᠯᠲᠤ ᠰᠡᠳᠬᠢᠯᠭᠡ ᠠᠶᠠᠨᠳᠠᠭᠠᠨ ᠲᠥᠷᠥᠭᠳᠡᠪᠡ︕︾ ᠭᠡᠵᠦ | ᠾᠧᠦ ᠰᠢᠶᠣᠣ ᠳ᠋ᠦᠩ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠬᠰᠠᠨ ᠲᠥᠷᠥᠭᠳᠡᠯ ᠢᠶᠠᠨ ᠶᠠᠷᠢᠬᠤ ᠳᠤ᠂ ᠬᠤᠭᠤᠯᠠᠢ ᠴᠡᠴᠡᠷᠬᠢᠯᠡᠨ ᠳᠣᠬᠳᠣᠯᠤᠬᠰᠠᠨ | ᠰᠡᠳᠬᠢᠯᠭᠡ ᠪᠠᠨ ᠳᠠᠷᠤᠵᠤ ᠶᠠᠳᠠᠨ ᠪᠠᠶᠢᠯ᠎ᠠ᠃ | ᠾᠧᠦ ᠰᠢᠶᠣᠣ ᠳ᠋ᠦᠩ᠄ ︽︿ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ﹀ ᠶᠢᠨ ᠢᠷᠠᠭᠤ ᠠᠯᠳᠠᠷ ᠢ ᠭᠥᠷᠳᠡᠭᠰᠡᠨ ᠨᠢ ᠦᠢᠯᠡᠰ ᠤᠨ ᠲᠡᠭᠦᠰᠬᠡᠯ ᠪᠢᠰᠢ᠃ | ᠪᠢ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠦᠷᠭᠦᠯᠵᠢᠯᠡᠨ | ᠪᠠᠳᠠᠷᠠᠭᠤᠯᠵᠤ᠂ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠪᠦᠯᠭᠦᠮ ᠢᠶᠠᠨ ᠳᠠᠭᠠᠭᠤᠯᠤᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠰᠢᠨ᠎ᠡ ᠡᠭᠦᠳᠦᠯᠲᠡ ᠪᠠᠷ | ᠣᠷᠣᠨ ᠨᠤᠲᠤᠭ ᠤᠨ ᠠᠵᠤ ᠠᠬᠤᠢ ᠳᠤ ᠦᠢᠯᠡᠴᠢᠯᠡᠵᠦ ᠲᠣᠭᠠᠴᠢᠯᠠᠭᠰᠠᠨ ᠥᠪᠥᠷ ᠮᠣᠩᠭᠤᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ᠥᠪᠥᠷ | ᠮᠣᠩᠭᠤᠯ ᠤᠨ ᠪᠣᠳᠣᠯᠲᠠ ᠶᠢᠨ ᠬᠦᠴᠦᠨ ᠤ ᠡᠬᠢ ᠪᠠᠶᠠᠯᠢᠭ ᠤᠨ ᠬᠥᠷᠥᠰᠥ ᠰᠢᠷᠣᠢ ᠶᠢᠨ ᠳᠠᠪᠠᠭᠤᠯᠢᠭ ᠢ ᠠᠰᠢᠭᠯᠠᠨ᠂ ᠡᠭᠦᠯᠡᠨ ᠪᠣᠳᠣᠯᠲᠠ᠂ AI ᠵᠡᠷᠭᠡ ᠬᠦᠷᠢᠶ᠎ᠡ | ᠴᠠᠷᠠᠭ᠎ᠠ ᠶᠢᠨ ᠰᠢᠨ᠎ᠡ ᠶᠢ ᠡᠭᠦᠳᠬᠦ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠠᠵᠤ ᠦᠢᠯᠡᠰ ᠤᠨ ᠲᠣᠭᠠᠴᠢᠯᠠᠯᠲᠠ ᠲᠡᠶᠢᠰᠢ ᠭᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠳᠤ ᠴᠢᠳᠠᠪᠤᠷᠢ ᠣᠯᠭᠤᠨ᠎ᠠ︾ ᠭᠡᠵᠡᠢ᠃ | | |