ᠤᠯᠠᠨ ᠤᠯᠤᠰ ᠤᠨ ᠳᠠᠮᠵᠢᠭᠤᠯᠭ᠎ᠠ ᠳᠤ ᠬᠠᠮᠲᠤ ᠶᠢᠨ ᠰᠡᠳᠭᠢᠯᠭᠡ ᠶᠢᠨ ᠬᠦᠴᠦᠨ ᠢ ᠬᠡᠷᠬᠢᠨ ᠳᠡᠭᠡᠭᠰᠢᠯᠡᠭᠦᠯᠬᠦ ᠪᠤᠢ
ᠨᠡᠶᠢᠲᠡᠯᠡᠭᠰᠡᠨ ᠴᠠᠭ᠄
2025/5/12
      ᠸᠠᠩ ᠢᠦᠢ ᠲᠢᠩ᠂ ᠴᠧᠨ ᠬᠠᠢ ᠬᠤᠸᠠ ︽ᠭᠠᠳᠠᠭᠠᠳᠤ ᠳᠠᠮᠵᠢᠭᠤᠯᠭ᠎ᠠ︾ ᠰᠡᠳᠭᠦᠯ ᠤᠨ 2023 ᠣᠨ ᠤ 6 ᠳ᠋ᠤᠭᠠᠷ ᠬᠤᠭᠤᠴᠠᠭ᠎ᠠ ᠳᠤ ᠦᠭᠦᠯᠡᠯ ᠨᠡᠶᠢᠳᠡᠯᠡᠵᠦ᠂ ᠬᠠᠮᠲᠤ ᠶᠢᠨ ᠰᠡᠳᠭᠢᠯᠭᠡ ᠨᠢ ᠬᠥᠮᠦᠨ ᠤ ᠰᠡᠳᠭᠢᠯᠭᠡ ᠶᠢᠨ ᠪᠠᠶᠢᠳᠠᠯ ᠤᠨ ᠲᠤᠬᠠᠢ ᠲᠠᠨᠢᠯᠲᠠ ᠪᠠ ᠣᠶᠢᠯᠠᠭᠠᠯᠲᠠ ᠠᠴᠠ ᠢᠷᠡᠯᠳᠡ ᠲᠠᠢ ᠪᠥᠭᠡᠳ ᠣᠷᠣᠯᠠᠬᠤ ᠴᠢᠨᠠᠷᠲᠠᠢ ᠰᠡᠳᠭᠢᠯᠭᠡ ᠶᠢᠨ ᠲᠤᠰᠬᠠᠯ ᠢ ᠪᠤᠢ ᠪᠣᠯᠭᠠᠵᠤ᠂ ᠳᠣᠣᠷ᠎ᠠ ᠠᠴᠠ ᠳᠡᠭᠡᠭᠰᠢ ᠳᠠᠭᠤᠷᠢᠶᠠᠬᠤ ᠲᠣᠭᠲᠠᠴᠠ ᠪᠤᠶᠤ ᠳᠡᠭᠡᠷ᠎ᠡ ᠠᠴᠠ ᠳᠣᠷᠣᠭᠰᠢ ᠦᠵᠡᠯᠲᠡ ᠳᠠᠨᠢᠯᠲᠠ ᠶᠢᠨ ᠰᠣᠩᠭᠤᠯᠲᠠ ᠶᠢᠨ ᠲᠣᠭᠲᠠᠴᠠ ᠠᠴᠠ ᠦᠢᠯᠡᠳᠦᠯ ᠦᠵᠡᠭᠦᠯᠳᠡᠭ᠃ ᠤᠯᠠᠨ ᠤᠯᠤᠰ ᠤᠨ ᠳᠠᠮᠵᠢᠭᠤᠯᠭ᠎ᠠ ᠳᠤ᠂ ᠬᠦᠯᠢᠶᠡᠨ ᠠᠪᠤᠭᠴᠢᠳ ᠤᠨ ᠬᠠᠮᠲᠤ ᠶᠢᠨ ᠰᠡᠳᠭᠢᠯᠭᠡ ᠶᠢ ᠨᠢ ᠳᠠᠭᠤᠳᠠᠨ ᠰᠡᠷᠢᠭᠡᠬᠦ ᠨᠢ ᠳᠤᠮᠳᠠᠳᠤ ᠶᠢᠨ ᠦᠯᠢᠬᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠳᠠᠭᠤᠨ ᠢ ᠰᠠᠶᠢᠲᠤᠷ ᠳᠠᠮᠵᠢᠭᠤᠯᠬᠤ ᠳᠤ ᠪᠦᠲᠦᠮᠵᠢᠲᠡᠢ ᠠᠷᠭ᠎ᠠ ᠵᠠᠮ ᠬᠠᠩᠭᠠᠪᠠ ᠭᠡᠵᠦ ᠵᠢᠭᠠᠵᠤ ᠭᠠᠷᠭᠠᠪᠠ᠃ ᠳᠤᠮᠳᠠᠳᠤ ᠤᠯᠤᠰ ᠤᠨ ᠣᠯᠠᠨ ᠤᠯᠤᠰ ᠤᠨ ᠳᠠᠮᠵᠢᠭᠤᠯᠭ᠎ᠠ ᠳᠤᠮᠳᠠ ᠬᠠᠮᠲᠤ ᠶᠢᠨ ᠰᠡᠳᠭᠢᠯᠭᠡ ᠪᠠᠨ ᠳᠡᠭᠡᠭᠰᠢᠯᠡᠭᠦᠯᠬᠦ ᠠᠷᠭ᠎ᠠ ᠵᠠᠮ ᠨᠢ ᠭᠤᠤᠯᠳᠠᠭᠤ ᠳᠤᠤᠷᠠᠬᠢ ᠬᠡᠳᠦᠨ ᠲᠠᠯ᠎ᠠ ᠪᠣᠶ᠄       1. ᠳᠤᠮᠳᠠᠳᠤ ᠶᠢᠨ ᠰᠣᠶᠣᠯ ᠢ ᠭᠦᠨᠵᠡᠭᠡᠶ ᠣᠶᠢᠯᠠᠭᠠᠬᠤ᠃ ᠭᠠᠭᠴᠠ ᠬᠦ ᠳᠤᠮᠳᠠᠳᠤ ᠤᠯᠤᠰ ᠤᠨ ᠰᠣᠶᠣᠯ ᠤᠨ ᠭᠦᠨ ᠳᠠᠪᠬᠤᠷᠭ᠎ᠠ ᠶᠢᠨ ᠠᠭᠤᠯᠤᠭᠳᠠᠬᠤᠨ ᠢ ᠣᠶᠢᠯᠠᠭᠠᠪᠠᠯ ᠰᠠᠶ᠋ᠢ ᠳᠤᠮᠳᠠᠳᠤ ᠤᠯᠤᠰ ᠤᠨ ᠦᠯᠢᠭᠡᠷ ᠢ ᠨᠡᠩ ᠰᠠᠶᠢᠲᠤᠷ ᠶᠠᠷᠢᠵᠤ ᠴᠢᠳᠠᠨ᠎ᠠ᠃       2. ᠣᠯᠠᠨ ᠡᠰᠢᠳᠦ ᠳᠠᠮᠵᠢᠭᠤᠯᠭ᠎ᠠ ᠶᠢᠨ ᠠᠷᠭ᠎ᠠ ᠪᠠᠷᠢᠯ ᠢ ᠬᠡᠷᠡᠭᠯᠡᠬᠦ᠃ ᠳᠤᠮᠳᠠᠳᠤ ᠶᠢᠨ ᠦᠯᠢᠭᠡᠷ ᠢ ᠶᠠᠷᠢᠬᠤ ᠳᠤ ᠣᠯᠠᠨ ᠵᠦᠢᠯ ᠤᠨ ᠵᠠᠭᠤᠴᠢ ᠶᠢ ᠲᠠᠰᠤᠷᠠᠯᠲᠠ ᠦᠭᠡᠢ ᠬᠠᠶᠢᠨ ᠰᠦᠪᠡᠭᠴᠢᠯᠡᠬᠦ ᠪᠠ ᠠᠰᠢᠭᠯᠠᠵᠤ᠂ ᠬᠠᠮᠲᠤ ᠪᠠᠷ ᠤᠴᠢᠷ ᠶᠠᠪᠤᠳᠠᠯ ᠢ ᠬᠦᠦᠷᠨᠢᠬᠦ ᠪᠠᠷ ᠳᠠᠮᠵᠢᠨ ᠬᠥᠮᠦᠰ ᠤᠨ ᠰᠡᠳᠭᠢᠯ ᠳᠤ ᠰᠢᠭᠤᠳ ᠬᠦᠷᠬᠦ ᠳᠠᠮᠵᠢᠭᠤᠯᠭ᠎ᠠ ᠶᠢᠨ ᠦᠷ᠎ᠡ ᠳ᠋ᠦᠩ ᠳᠤ ᠬᠦᠷᠬᠦ ᠬᠡᠷᠡᠭᠲᠡᠶ᠃       3. ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠬᠤᠪᠢ ᠬᠥᠮᠦᠨ ᠤ ᠬᠤᠪᠢ ᠵᠠᠶᠠᠭᠠᠨ ᠤ ᠦᠯᠢᠭᠡᠷ ᠢ ᠶᠠᠷᠢᠬᠤ᠃ ᠦᠯᠢᠭᠡᠷ ᠲᠠᠬᠢ ᠬᠥᠮᠦᠨ ᠪᠣᠯ ᠤᠩᠰᠢᠭᠴᠢᠳ ᠤᠨ ᠰᠡᠳᠭᠢᠯᠭᠡ ᠶᠢ ᠲᠠᠲᠠᠬᠤ ᠵᠠᠩᠭᠢᠯᠠᠭ᠎ᠠ ᠶᠢᠨ ᠡᠯᠧᠮᠧᠨ᠋ᠲ ᠮᠦᠨ᠃ ᠠᠷᠠᠳ ᠲᠦᠮᠡᠨ ᠤ ᠣᠷᠣᠯᠴᠠᠭᠰᠠᠨ ᠠᠮᠢᠳᠤ ᠰᠣᠷᠭᠤᠭ ᠬᠡᠷᠡᠭ ᠤᠨ ᠵᠢᠱᠢᠶ᠎ᠡ ᠶᠢ ᠠᠮᠢᠳᠤᠯᠢᠭ ᠲᠣᠭᠠᠴᠢᠬᠤ ᠪᠠᠷ ᠳᠠᠮᠵᠢᠨ ᠬᠠᠶᠢᠷ᠎ᠠ ᠰᠡᠳᠭᠢᠯᠭᠡ ᠶᠢᠨ ᠲᠤᠰᠬᠠᠯ ᠢ ᠣᠯᠬᠤ ᠬᠡᠷᠡᠭᠲᠠᠢ᠃       4. ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠦᠷᠲᠡᠭ ᠢ ᠤᠯᠠᠮᠵᠢᠯᠠᠨ ᠳᠡᠯᠭᠡᠷᠡᠭᠦᠯᠬᠦ ᠶᠢ ᠴᠢᠬᠤᠯᠠᠴᠢᠯᠠᠬᠤ᠃ ᠳᠤᠮᠳᠠᠳᠤ ᠶᠢᠨ ᠦᠯᠢᠭᠡᠷ ᠢ ᠶᠠᠷᠢᠬᠤ ᠳᠤ ᠲᠡᠭᠦᠨ ᠤ ᠳᠠᠮᠵᠢᠭᠤᠯᠤᠭᠰᠠᠨ ᠰᠣᠶᠣᠯ ᠤᠨ ᠦᠨ᠎ᠡ ᠥᠷᠲᠡᠭ᠂ ᠣᠨᠴᠠᠭᠠᠶᠢᠯᠠᠨ ᠬᠠᠮᠲᠤ ᠪᠠᠷ ᠡᠳ᠋ᠯᠡᠬᠦ ᠥᠷᠲᠡᠭ ᠤᠨ ᠦᠵᠡᠯᠲᠡ ᠶᠢ ᠢᠯᠡᠷᠡᠭᠦᠯᠬᠦ ᠬᠡᠷᠡᠭᠲᠡᠶ᠃       5. ᠵᠥᠪᠯᠡᠬᠦ ᠰᠡᠳᠦᠪ ᠢ ᠠᠰᠢᠭᠯᠠᠨ ᠴᠠᠭ ᠦᠶ᠎ᠡ ᠶᠢᠨ ᠣᠨᠴᠠᠯᠢᠭ ᠪᠦᠬᠦᠢ ᠦᠯᠢᠭᠡᠷ ᠢ ᠰᠠᠶᠢᠲᠤᠷ ᠶᠠᠷᠢᠬᠤ᠃ ᠣᠳᠣᠬᠠᠨ ᠤ ᠴᠠᠭ ᠦᠶ᠎ᠡ ᠶᠢᠨ ᠰᠤᠳᠠᠰᠤ ᠲᠠᠢ ᠦᠯᠢᠭᠡᠷ ᠨᠢ ᠴᠠᠭ ᠲᠤᠬᠠᠢ ᠳᠤᠨᠢ ᠬᠠᠮᠲᠤ ᠶᠢᠨ ᠰᠡᠳᠭᠢᠯᠭᠡ ᠶᠢ ᠠᠮᠠᠷᠬᠠᠨ ᠡᠭᠦᠰᠭᠡᠵᠤ ᠴᠢᠳᠠᠳᠠᠭ᠂ ᠡᠶᠢᠮᠦ ᠠᠴᠠ ᠲᠤᠮᠳᠠᠳᠦ ᠶᠢᠨ ᠦᠯᠢᠭᠡᠷ ᠢ ᠶᠠᠷᠢᠬᠤ ᠳᠤ ᠣᠳᠣᠬᠠᠨ ᠤ ᠬᠠᠯᠠᠭᠤᠨ ᠴᠡᠭ᠂ ᠡᠮᠵᠡᠭ ᠲᠠᠢ ᠠᠰᠠᠭᠤᠳᠠᠯ ᠢ ᠶᠠᠷᠢᠬᠤ ᠳᠤ ᠤᠩᠰᠢᠭᠴᠢᠳ ᠲᠤ ᠣᠷᠴᠢᠨ ᠦᠶ᠎ᠡ ᠶᠢᠨ ᠮᠡᠳᠡᠷᠡᠮᠵᠢ ᠪᠣᠯᠤᠨ ᠴᠠᠭ ᠦᠶᠡᠴᠢ ᠴᠢᠨᠠᠷ ᠢ ᠲᠠᠨᠢᠭᠤᠯᠵᠤ ᠴᠢᠳᠠᠳᠠᠭ᠃       6. ᠨᠠᠷᠢᠨ ᠵᠦᠢᠯᠡᠰ ᠢᠶᠠᠷ ᠢᠯᠠᠵᠤ ᠢᠯᠠᠭᠳᠠᠬᠤ ᠶᠢ ᠲᠣᠭᠲᠠᠭᠠᠬᠤ᠃ ᠨᠠᠷᠢᠨ ᠵᠦᠢᠯᠡᠰ ᠢ ᠳᠦᠷᠰᠦᠯᠡᠨ ᠪᠢᠴᠢᠬᠦ ᠶᠢ ᠴᠢᠬᠤᠯᠠᠴᠢᠯᠠᠵᠤ᠂ ᠤᠩᠰᠢᠭᠴᠢᠳ ᠲᠤ ᠦᠯᠢᠭᠡᠷ ᠤᠨ ᠳᠠᠮᠵᠢᠭᠤᠯᠤᠭᠰᠠᠨ ᠰᠣᠶᠣᠯ ᠤᠨ ᠠᠭᠤᠯᠤᠭᠳᠠᠬᠤᠨ ᠢ ᠭᠦᠨᠵᠡᠭᠡᠢ ᠤᠢᠢᠯᠠᠭᠠᠭᠤᠯᠬᠤ ᠬᠡᠷᠡᠭᠲᠡᠢ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ