ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢᠨ ᠲᠡᠩᠴᠡᠭᠦᠷᠢ ᠶᠢ ᠬᠠᠮᠠᠭᠠᠯᠠᠵᠤ᠂ ᠣᠯᠠᠨ ᠨᠡᠶᠢᠲᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ | ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠰᠢᠨ᠎ᠡ ᠪᠠᠷᠭᠤ ᠵᠡᠭᠡᠷᠡᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠪᠠᠶᠠᠨ ᠭᠠᠴᠠᠭ᠎ᠠ ᠲᠠᠢ ᠬᠠᠮᠲᠤᠷᠠᠨ᠂ ᠬᠠᠮᠠᠭᠠᠯᠠᠯᠲᠠ ᠶᠢᠨ ᠣᠷᠣᠨ ᠤ | ᠳᠣᠲᠣᠷᠠᠬᠢ ᠬᠤᠭ ᠨᠣᠪᠰᠢ ᠶᠢ ᠴᠡᠪᠡᠷᠯᠡᠬᠦ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ ᠭᠤᠤᠯ | ᠪᠢᠲᠡᠭᠦᠮᠵᠢᠯᠡᠯ ᠤᠨ ᠣᠷᠣᠨ ᠤ ᠠᠮᠠᠷᠬᠠᠨ ᠬᠤᠭ ᠨᠣᠪᠰᠢ ᠣᠪᠣᠭᠠᠯᠠᠬᠤ ᠣᠷᠣᠨ ᠪᠦᠰᠡ ᠳᠤ ᠭᠤᠤᠯᠳᠠᠯᠭ᠎ᠠ ᠲᠠᠢ ᠴᠢᠭᠯᠡᠭᠦᠯᠦᠨ ᠲᠦᠪᠯᠡᠷᠡᠩᠭᠦᠢ ᠴᠡᠭᠴᠡᠯᠡᠨ ᠵᠠᠰᠠᠵᠤ | ᠴᠡᠪᠡᠷᠯᠡᠪᠡ᠃ | | | | ᠴᠡᠪᠡᠷᠯᠡᠬᠦ ᠶᠠᠪᠤᠴᠠ ᠳᠤ᠂ ᠠᠵᠢᠯᠲᠠᠳ ᠪᠤᠵᠠᠷ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠭ | ᠨᠣᠪᠰᠢ ᠶᠢᠨ ᠤᠭᠤᠲᠠ᠂ ᠲᠡᠮᠦᠷ ᠦᠷᠦᠯᠪᠢ ᠵᠡᠷᠭᠡ ᠪᠠᠭᠠᠵᠢ ᠬᠡᠷᠡᠭᠰᠡᠯ ᠢ ᠪᠠᠷᠢᠵᠤ᠂ ᠬᠠᠮᠠᠭᠠᠯᠠᠯᠲᠠ ᠶᠢᠨ ᠣᠷᠣᠨ ᠤ ᠲᠣᠣᠷ ᠢᠶᠠᠷ ᠬᠦᠷᠢᠶᠡᠯᠡᠭᠰᠡᠨ ᠰᠦᠯᠢᠶᠣᠣ | ᠤᠭᠤᠲᠠ᠂ ᠤᠮᠳᠠᠭᠠᠨ ᠤ ᠯᠣᠩᠬᠤ᠂ ᠢᠳᠡᠭᠡᠨ ᠤ ᠪᠣᠭᠤᠳᠠᠯ ᠵᠡᠷᠭᠡ ᠡᠯ᠎ᠡ ᠲᠦᠷᠦᠯ ᠤᠨ ᠠᠮᠢᠳᠤᠷᠠᠯ ᠤᠨ ᠬᠤᠭ ᠨᠣᠪᠰᠢ ᠶᠢ ᠪᠦᠬᠦ ᠲᠠᠯ᠎ᠠ ᠪᠠᠷ ᠴᠡᠪᠡᠷᠯᠡᠪᠡ᠃ ᠲᠣᠰ | ᠤᠳᠠᠭᠠᠨ ᠤ ᠠᠵᠢᠯᠯᠠᠭ᠎ᠠ ᠨᠢ ᠬᠠᠮᠠᠭᠠᠯᠠᠯᠲᠠ ᠶᠢᠨ ᠣᠷᠣᠨ ᠤ ᠳᠣᠲᠣᠷᠠᠬᠢ ᠣᠷᠴᠢᠨ ᠲᠣᠭᠤᠷᠢᠨ ᠤ ᠪᠣᠬᠢᠷᠲᠤᠯ ᠤᠨ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠭᠰᠡᠨ ᠢᠶᠠᠷ ᠪᠠᠷᠠᠬᠤ ᠥᠬᠡᠶ᠂ ᠬᠠᠮᠠᠭᠠᠯᠠᠯᠲᠠ ᠶᠢᠨ ᠣᠷᠣᠨ ᠤ ᠡᠷᠬᠢᠨ ᠲᠣᠭᠤᠷᠢᠨ ᠤ ᠮᠠᠯᠴᠢᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠤᠬᠠᠮᠰᠠᠷ ᠢ ᠴᠢᠩᠭᠠᠳᠬᠠᠵᠤ᠂ ᠠᠮᠢ ᠠᠬᠤᠶᠢᠴᠢ ᠣᠷᠣᠰᠢᠨ ᠰᠠᠭᠤᠬᠤ ᠳᠤ ᠲᠣᠬᠢᠷᠠᠮᠵᠢᠲᠠᠶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠷᠴᠢᠨ ᠲᠣᠭᠤᠷᠢᠨ ᠢ ᠪᠣᠶ | ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃ ᠡᠭᠦᠨ ᠤ ᠬᠠᠮᠲᠤ᠂ ᠬᠠᠮᠠᠭᠠᠯᠠᠯᠲᠠ ᠶᠢᠨ ᠣᠷᠣᠨ ᠤ ᠡᠷᠭᠢᠨ ᠲᠣᠭᠤᠷᠢᠨ ᠤ ᠰᠠᠭᠤᠭᠠᠯᠢ ᠠᠷᠠᠳ | ᠣᠷᠴᠢᠨ ᠲᠣᠭᠤᠷᠢᠨ ᠢᠶᠠᠨ ᠬᠠᠶᠢᠷᠠᠯᠠᠨ ᠬᠠᠮᠠᠭᠠᠯᠠᠵᠤ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠵᠤ ᠪᠣᠯᠬᠤ ᠦᠭᠡᠢ᠂ ᠬᠠᠮᠠᠭᠠᠯᠠᠯᠲᠠ ᠶᠢᠨ ᠣᠷᠣᠨ ᠤ ᠠᠮᠢ | ᠠᠬᠤᠢ ᠶᠢᠨ ᠣᠷᠴᠢᠨ ᠲᠣᠭᠤᠷᠢᠨ ᠢ ᠬᠠᠮᠲᠤᠪᠠᠷ ᠬᠠᠮᠠᠭᠠᠯᠠᠬᠤ ᠶᠢ ᠤᠷᠢᠶᠠᠯᠠᠪᠠ᠃ | ᠳᠠᠷᠠᠭᠠᠴᠢ ᠶᠢᠨ ᠠᠯᠬᠤᠮ ᠳᠤ᠂ ᠲᠣᠰ ᠲᠣᠪᠴᠢᠶ᠎ᠠ ᠬᠠᠮᠠᠭᠠᠯᠠᠯᠲᠠ ᠶᠢᠨ ᠣᠷᠣᠨ ᠢ ᠲᠣᠭᠤᠷᠢᠨ ᠪᠠᠶᠢᠴᠠᠭᠠᠬᠤ ᠪᠠ ᠬᠢᠨᠠᠨ ᠬᠠᠮᠢᠶᠠᠷᠬᠤ ᠡᠷᠴᠢᠮ ᠢᠶᠠᠨ ᠤᠯᠠᠮ | ᠨᠢᠭᠡ ᠠᠯᠬᠤᠮ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠮᠠᠭᠠᠯᠠᠯᠲᠠ ᠶᠢᠨ | ᠣᠷᠣᠨ ᠤ ᠳᠣᠲᠣᠷᠠᠬᠢ ᠠᠮᠢᠳᠤᠷᠠᠯ ᠤᠨ ᠬᠤᠭ ᠨᠣᠪᠰᠢ ᠶᠢᠨ ᠪᠣᠬᠢᠷᠲᠤᠯ ᠢ ᠪᠠᠭᠠᠰᠬᠠᠵᠤ᠂ ᠴᠡᠪᠡᠷᠯᠡᠭᠰᠡᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ | ᠲᠣᠰ ᠪᠣᠬᠢᠷᠲᠤᠯ ᠥᠬᠡᠶ ᠬᠡᠷ ᠣᠷᠣᠨ ᠢᠶᠠᠨ ᠰᠠᠶᠢᠲᠤᠷ ᠰᠠᠬᠢᠨ ᠬᠠᠮᠠᠭᠠᠯᠠᠬᠤ ᠪᠣᠯᠤᠨ᠎ᠠ᠃ | | | |