ᠶᠡᠭᠡ ᠰᠠᠯᠬᠢᠨ ᠤ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ
ᠨᠡᠶᠢᠲᠡᠯᠡᠭᠰᠡᠨ ᠴᠠᠭ᠄
2025/5/13
      ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠲᠣᠪᠴᠢᠶ᠎ᠠ 2025 ᠣᠨ ᠤ 5 ᠰᠠᠷ᠎ᠠ ᠶᠢᠨ 13 ᠤ ᠡᠳᠦᠷ ᠤᠨ 08 ᠴᠠᠭ 10 ᠮᠢᠨᠦ᠋ᠲ ᠲᠤ ᠶᠡᠭᠡ ᠰᠠᠯᠬᠢᠨ ᠤ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠪᠡ᠄      ᠠᠯᠳ᠋ᠬᠠᠮᠡᠭᠡᠯ ᠪᠠᠯᠭᠠᠰᠤ᠂ ᠠᠷᠤᠬᠠᠰᠢᠶᠠᠲᠤ ᠪᠠᠯᠭᠠᠰᠤ᠂ ᠬᠦᠯᠦᠨ ᠪᠠᠯᠭᠠᠰᠤ᠂ ᠪᠣᠶᠢᠷ ᠰᠤᠮᠤ᠂ ᠬᠡᠷᠦᠯᠦᠨ ᠰᠣᠮᠣ᠂ ᠳᠠᠯᠠᠢ ᠰᠣᠮᠣ᠂ ᠪᠣᠭᠳᠠᠠᠭᠤᠯᠠ ᠰᠣᠮᠣᠨ ᠳᠤ ᠨᠢᠭᠡᠨᠲᠡ 9 ᠳᠡᠰ ᠠᠴᠠ ᠳᠡᠭᠡᠭᠰᠢ ᠶᠡᠭᠡ ᠰᠠᠯᠬᠢ ᠰᠠᠯᠬᠢᠯᠠᠵᠤ᠂ 12 ᠴᠠᠭ ᠤᠨ ᠳᠣᠲᠣᠷ᠎ᠠ ᠦᠷᠬᠦᠯᠵᠢᠯᠡᠬᠦ ᠪᠣᠯᠣᠨ᠎ᠠ᠂ ᠬᠤᠯᠪᠣᠭᠳᠠᠯ ᠪᠦᠬᠦᠢ ᠨᠢᠭᠡᠴᠡ ᠪᠠ ᠬᠥᠮᠥᠰ ᠰᠡᠷᠭᠡᠶᠢᠯᠡᠨ ᠬᠠᠮᠠᠭᠠᠯᠠᠬᠤ ᠪᠡᠯᠡᠳᠬᠡᠯ ᠠᠵᠢᠯ ᠢ ᠰᠠᠶᠢᠲᠤᠷ ᠬᠢᠭᠡᠷᠡᠢ᠃      ᠰᠡᠷᠭᠡᠶᠢᠯᠡᠯᠲᠡ ᠬᠢᠬᠦ ᠵᠢᠯᠣᠭᠤᠳᠣᠮᠵᠢ᠄      1. ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠶᠡᠭᠡ ᠰᠠᠯᠬᠢᠨ ᠠᠴᠠ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ︔      2. ᠬᠡᠭᠡᠷ᠎ᠡ ᠭᠠᠳᠠᠨ᠎ᠠ ᠪᠠ ᠦᠨᠳᠦᠷ ᠭᠠᠵᠠᠷ ᠲᠤ ᠠᠵᠢᠯᠯᠠᠬᠤ ᠪᠠᠨ ᠵᠣᠭᠰᠣᠵᠤ᠂ ᠠᠶᠤᠯᠲᠠᠢ ᠣᠷᠣᠨ ᠪᠦᠰᠡ ᠳᠠᠬᠢ ᠬᠦᠮᠦᠰ ᠪᠠ ᠨᠤᠷᠠᠬᠤ ᠠᠶᠤᠯᠲᠠᠢ ᠭᠡᠷ ᠪᠠᠶᠢᠰᠢᠩ ᠳᠠᠬᠢ ᠰᠠᠭᠤᠭᠠᠯᠢ ᠠᠷᠠᠳ ᠢ ᠠᠮᠤᠷ ᠲᠦᠪᠰᠢᠨ ᠭᠠᠵᠠᠷ ᠲᠤ ᠰᠢᠯᠵᠢᠭᠦᠯᠬᠦ ᠬᠡᠷᠡᠭᠲᠡᠢ᠃      3. ᠭᠡᠷ ᠤᠨ ᠭᠠᠳᠠᠨᠠᠬᠢ ᠠᠶᠤᠯᠲᠠᠢ ᠴᠠᠬᠢᠯᠭᠠᠨ ᠤ ᠰᠤᠷᠪᠤᠯᠵᠢ ᠶᠢ ᠲᠠᠰᠤᠯᠵᠤ᠂ ᠶᠡᠭᠡ ᠰᠠᠯᠬᠢᠨ ᠤ ᠨᠦᠯᠦᠭᠡ ᠶᠢ ᠠᠮᠠᠷᠬᠠᠨ ᠬᠦᠷᠲᠡᠬᠦ ᠭᠡᠷ ᠤᠨ ᠭᠠᠳᠠᠨᠠᠬᠢ ᠡᠳ᠋ ᠪᠣᠳᠠᠰ ᠢ ᠲᠣᠬᠢᠲᠠᠢ ᠲᠦᠪᠬᠢᠨᠡᠭᠦᠯᠵᠦ᠂ ᠪᠠᠷᠢᠯᠭ᠎ᠠ ᠶᠢᠨ ᠡᠳ᠋ ᠪᠣᠳᠠᠰ ᠢ ᠰᠠᠶᠢᠲᠤᠷ ᠳᠠᠷᠤᠵᠤ ᠪᠦᠲᠡᠭᠡᠬᠦ ᠬᠡᠷᠡᠭᠲᠡᠢ︔      4. ᠵᠠᠮ ᠬᠠᠷᠢᠯᠴᠠᠭᠠᠨ ᠤ ᠰᠠᠯᠠᠭ᠎ᠠ ᠮᠦᠴᠢᠷ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠠᠪᠴᠤ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠭ᠎ᠠ ᠨᠢᠭᠡᠴᠡ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠶᠢ ᠠᠩᠬᠠᠷᠬᠤ ᠬᠡᠷᠡᠭᠲᠡᠢ᠃                           ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠲᠣᠪᠴᠢᠶ᠎ᠠ                            2025 ᠣᠨ ᠤ 5 ᠰᠠᠷ᠎ᠠ ᠶᠢᠨ 13 ᠤ ᠡᠳᠦᠷ
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ