ᠡᠨᠡ ᠵᠢᠯ ᠪᠣᠯ ᠮᠠᠨ ᠤ ᠤᠯᠤᠰ ᠤᠨ 17 ᠳ᠋ᠤᠭᠠᠷ ᠪᠦᠬᠦ ᠤᠯᠤᠰ ᠤᠨ ︽ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ︾ ᠪᠣᠯᠤᠨ᠎ᠠ᠃ | | | | ᠠᠵᠢᠯᠯᠠᠭ᠎ᠠ ᠶᠢᠨ ᠬᠤᠭᠤᠴᠠᠭᠠᠨ ᠳᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠤᠬᠠᠶ ᠶᠢᠨ ᠲᠠᠯᠠᠪᠤᠷ ᠲᠤ | ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠵᠢᠷᠤᠭ ᠨᠠᠭᠠᠬᠤ᠂ ᠤᠬᠠᠭᠤᠯᠭ᠎ᠠ ᠶᠢᠨ ᠵᠢᠷᠤᠭ ᠨᠠᠭᠠᠬᠤ ᠵᠡᠷᠭᠡ ᠠᠷᠭ᠎ᠠ ᠮᠠᠶ᠋ᠢᠭ ᠢᠶᠠᠷ ᠤᠬᠠᠭᠤᠯᠭ᠎ᠠ ᠶᠢᠨ ᠠᠭᠤᠷ | ᠠᠮᠢᠰᠬᠤᠯ ᠢ ᠪᠣᠶ ᠪᠣᠯᠭᠠᠬᠤ ᠶᠢᠨ ᠬᠠᠮᠲᠤ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠠᠭᠤᠷᠬᠠᠶ ᠶᠢᠨ ᠠᠪᠤᠷᠠᠨ ᠲᠤᠰᠠᠯᠠᠬᠤ ᠠᠩᠭᠢ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠥᠷᠭᠡᠨ ᠣᠯᠠᠨ ᠲᠦᠮᠡᠨ ᠳᠤ ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢᠨ ᠲᠤᠬᠠᠶ | ᠨᠠᠷᠢᠨ ᠲᠠᠶᠢᠯᠤᠮᠵᠢ ᠬᠢᠪᠠ᠃ | | | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠵᠤ᠂ ᠣᠯᠠᠨ ᠶᠠᠩᠵᠤ ᠬᠡᠯᠪᠡᠷᠢ ᠶᠢᠨ᠂ ᠠᠭᠤᠯᠭ᠎ᠠ ᠪᠠᠷ ᠠᠮᠢᠳᠤᠯᠢᠭ ︽ᠨᠡᠶᠢᠭᠡᠮ ᠲᠣᠭᠤᠷᠢᠭ᠂ ᠬᠡᠷ ᠪᠦᠯᠢ᠂ ᠰᠤᠷᠭᠠᠭᠤᠯᠢ᠂ ᠠᠵᠤ ᠠᠬᠤᠶᠢᠯᠠᠯ᠂ | ᠮᠠᠯᠵᠢᠬᠤ ᠣᠷᠣᠨ ᠳᠤ ᠣᠷᠣᠬᠤ︾ ᠠᠵᠢᠯᠯᠠᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ | ᠡᠴᠦᠰ ᠤᠨ ᠨᠢᠭᠡ ᠺᠢᠯᠤᠮᠧᠲᠷ ᠢ ᠨᠡᠪᠲᠡᠷᠡᠭᠦᠯᠵᠦ᠂ ᠪᠥᠬᠦ ᠨᠡᠶᠢᠭᠡᠮ ᠢᠶᠠᠷ ᠢᠶᠠᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠳᠤ ᠬᠠᠮᠲᠤ ᠪᠠᠷ ᠣᠷᠣᠯᠴᠠᠬᠤ | ᠠᠭᠤᠷ ᠠᠮᠢᠰᠬᠤᠯ ᠢ ᠪᠣᠶ ᠪᠣᠯᠭᠠᠨ᠎ᠠ᠃ | | |