ᠤᠨᠤᠯ · ᠢᠲᠡᠭᠡᠯ ᠪᠢᠰᠢᠷᠡᠯ · ᠵᠠᠯᠠᠭᠤ ᠨᠠᠰᠤ
ᠨᠡᠶᠢᠲᠡᠯᠡᠭᠰᠡᠨ ᠴᠠᠭ᠄
2025/5/13
      ᠵᠠᠯᠠᠭᠤᠴᠤᠳ ᠪᠣᠯ ᠡᠬᠡ ᠤᠯᠤᠰ ᠤᠨ ᠢᠷᠡᠭᠡᠳᠦᠢ᠂ ᠦᠨᠳᠦᠰᠦᠲᠡᠨ ᠤ ᠬᠦᠰᠡᠯ ᠡᠷᠡᠮᠡᠯᠵᠡᠯ ᠮᠦᠨ᠃ ᠲᠡᠭᠡᠪᠡᠯ᠂ ᠬᠡᠷᠬᠢᠨ ᠵᠠᠯᠠᠭᠤᠴᠤᠳ ᠤᠨ ᠬᠦᠰᠡᠯᠡᠩ ᠢᠲᠡᠭᠡᠯ ᠪᠢᠰᠢᠷᠡᠯ ᠢ ᠪᠠᠲᠤᠳᠬᠠᠵᠦ᠂ ᠨᠠᠮ ᠤᠨ ᠰᠢᠨ᠎ᠡ ᠡᠭᠦᠲᠦᠯᠲᠡ ᠶᠢᠨ ᠤᠨᠤᠯ ᠢ ᠵᠠᠯᠠᠭᠤᠴᠤᠳ ᠤᠨ ᠰᠡᠳᠬᠢᠯ ᠳᠤ ᠬᠠᠲᠠᠩᠰᠢᠭᠤᠯᠬᠤ ᠪᠢᠯᠡ︖ ᠬᠦᠯᠦᠨ ᠪᠤᠶᠢᠷ ᠬᠤᠲᠠ ᠶᠢᠨ ᠵᠠᠯᠠᠭᠤᠴᠤᠳ ᠤᠨ ᠯᠧᠺᠲ᠋ᠣᠷ ᠤᠨ ᠪᠦᠯᠬᠦᠮ ᠤᠨ ᠬᠢᠨ ᠪᠢᠲᠡᠨ ᠳᠤ ᠯᠠᠪᠯᠠᠯᠳᠠ ᠪᠤᠯᠬᠤ ᠦᠯᠢᠭᠡᠷ ᠵᠢᠱᠢᠶ᠎ᠡ ᠬᠠᠩᠭᠠᠪᠠ᠃       ᠲᠡᠲᠡ ᠣᠨᠣᠯ ᠢ ᠥᠯᠢᠭᠡᠷ ᠪᠣᠯᠭᠠᠨ ᠶᠠᠷᠢᠪᠠ᠃ ᠨᠠᠮ ᠤᠨ ᠰᠢᠨ᠎ᠡ ᠡᠭᠦᠲᠦᠯᠲᠡ ᠶᠢᠨ ᠤᠨᠤᠯ ᠢᠶᠠᠷ ᠵᠠᠯᠠᠭᠤᠴᠤᠳ ᠢ ᠵᠡᠪᠰᠡᠭᠯᠡᠬᠦ ᠳᠤ᠂ ᠵᠠᠯᠠᠭᠤᠴᠤᠳ ᠰᠤᠨᠤᠰᠬᠤ ᠲᠤᠷᠠᠲᠠᠢ ᠡᠰᠡᠬᠦ᠂ ᠤᠶᠢᠯᠠᠭᠠᠵᠦ ᠲᠡᠶᠢᠯᠬᠦ ᠡᠰᠡᠬᠦ ᠨᠢ ᠵᠠᠩᠬᠢᠯᠠᠭ᠎ᠠ ᠪᠤᠯᠤᠨ᠎ᠠ᠃ ᠬᠦᠯᠦᠨ ᠪᠤᠶᠢᠷ ᠬᠤᠲᠠ ᠶᠢᠨ ᠵᠠᠯᠠᠭᠤᠴᠤᠳ ᠤᠨ ᠯᠧᠺᠲ᠋ᠣᠷ ᠤᠨ ᠪᠦᠯᠬᠦᠮ ᠤᠨ ᠬᠢᠨ ᠬᠢᠯᠢ ᠬᠢᠵᠠᠭᠠᠷ ᠤᠷᠤᠨ ᠢ ᠰᠠᠬᠢᠨ ᠬᠠᠮᠠᠭᠠᠯᠠᠬᠤ ᠪᠠᠶᠢᠯᠳᠤᠭᠴᠢᠳ ᠤᠨ ᠪᠠᠲᠤ ᠰᠠᠬᠢᠯᠲᠠ᠂ ᠲᠠᠯ᠎ᠠ ᠨᠤᠲᠤᠭ ᠤᠨ ᠠᠮᠢ ᠠᠬᠤᠢ ᠶᠢᠨ ᠬᠤᠪᠢᠷᠠᠯᠲᠠ᠂ ᠦᠢᠯᠡᠰ ᠪᠣᠰᠬᠠᠬᠤ ᠵᠠᠯᠠᠭᠤᠴᠤᠳ ᠤᠨ ᠲᠡᠮᠡᠴᠡᠯ ᠬᠡᠬᠦ ᠵᠡᠷᠭᠡ ᠲᠡᠷᠬᠡᠲᠡᠬᠢ ᠬᠦᠮᠦᠨ᠂ ᠲᠡᠷᠬᠡᠲᠡᠬᠢ ᠬᠡᠷᠡᠭ ᠶᠠᠪᠤᠲᠠᠯ ᠢᠶᠠᠷ ᠦᠯᠢᠬᠡᠷ ᠵᠢᠱᠢᠶ᠎ᠡ ᠪᠤᠯᠭᠠᠨ ᠪᠢᠴᠢᠭ ᠮᠠᠲ᠋ᠧᠷᠢᠶᠠᠯ ᠳᠠᠬᠢ ᠬᠡᠶᠢᠰᠪᠦᠷᠢ ᠤᠬᠠᠭᠳᠠᠬᠤᠨ ᠢ ᠣᠷᠣᠯᠠᠭᠤᠯᠤᠬᠰᠠᠨ ᠮᠦᠷᠲᠡᠭᠡᠨ ᠶᠠᠷᠢᠯᠴᠠᠭ᠎ᠠ ᠰᠤᠯᠢᠯᠴᠠᠭ᠎ᠠ᠂ ᠲᠤᠬᠯᠠᠯᠲᠠ᠂ ᠣᠬᠤᠷ ᠸᠢᠳᠢᠤ᠋᠂ ᠨᠣᠮ ᠤᠩᠰᠢᠬᠤ ᠬᠤᠷᠠᠯ ᠵᠡᠷᠭᠡ ᠬᠡᠯᠪᠡᠷᠢ ᠪᠠᠷ ᠳᠠᠮᠵᠢᠨ᠂ ᠵᠠᠯᠠᠭᠤᠴᠤᠳ ᠤᠨ ᠤᠨᠴᠠᠯᠢᠭ ᠲᠤ ᠤᠶᠠᠯᠳᠤᠭᠤᠯᠤᠬᠰᠠᠨ᠂ ᠴᠠᠬ ᠦᠶ᠎ᠡ ᠶᠢᠨ ᠦᠨᠦᠷ ᠠᠮᠲᠠ ᠲᠠᠢ᠂ ᠦᠨᠡᠨ ᠶᠤᠰᠤᠨ ᠤ ᠤᠳᠬ᠎ᠠ ᠤᠴᠢᠷ ᠢ ᠬᠠᠷᠠᠭᠤᠯᠤᠬᠰᠠᠨ ᠤᠬᠠᠭᠤᠯᠤᠨ ᠲᠠᠶᠢᠯᠪᠤᠷᠢᠯᠠᠯᠲᠠ ᠬᠢᠵᠦ᠂ ᠵᠠᠯᠠᠭᠤᠴᠤᠳ ᠤᠨ ᠲᠠᠨᠢᠨ ᠮᠡᠳᠡᠷᠡᠬᠦᠢ ᠶᠢᠨ ᠣᠨᠴᠠᠯᠢᠭ ᠪᠠ ᠬᠦᠯᠢᠶᠡᠨ ᠠᠪᠬᠤ ᠳᠠᠳᠬᠠᠯ ᠳᠤ ᠣᠢᠢᠷᠠᠳᠴᠤ ᠂ ᠵᠠᠯᠠᠭᠤᠴᠤᠳ ᠤᠨ ᠪᠠᠴᠢᠮᠲᠠᠵᠦ ᠬᠦᠴᠢᠷᠲᠡᠵᠦ ᠵᠤᠪᠠᠨᠢᠵᠦ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢᠳᠤᠯᠢᠭ ᠦᠢᠯᠡᠳᠦᠯᠭᠡ ᠪᠠᠷ ᠬᠥᠮᠥᠰ ᠢ ᠵᠣᠷᠢᠭᠵᠢᠭᠤᠯᠵᠤ᠂ ᠬᠥᠮᠥᠰ ᠢ ᠤᠷᠢᠶᠠᠯᠠᠵᠤ᠂ ︽ᠪᠠᠭ᠎ᠠ ᠪᠠᠷ ᠶᠡᠭᠡ ᠶᠢ ᠬᠠᠷᠠᠭᠤᠯᠬᠤ︾ ᠠᠮᠢᠳᠤᠯᠢᠬ ᠦᠭᠡ ᠬᠡᠯᠡ ᠪᠠᠷ ᠨᠠᠮ ᠤᠨ ᠰᠢᠨ᠎ᠡ ᠡᠭᠦᠳᠦᠯᠲᠡ ᠶᠢᠨ ᠤᠨᠤᠯ ᠤᠨ ᠭᠦᠨ ᠭᠦᠨᠵᠡᠭᠡᠢ ᠠᠭᠤᠯᠤᠬᠲᠠᠬᠤᠨ ᠢ ᠲᠠᠶᠢᠯᠪᠤᠷᠢᠯᠠᠪᠠ᠃       ᠨᠠᠮ ᠤᠨ ᠰᠢᠨ᠎ᠡ ᠡᠭᠦᠲᠦᠯᠲᠡ ᠶᠢᠨ ᠤᠨᠤᠯ ᠢᠶᠠᠷ ᠵᠠᠯᠠᠭᠤᠴᠤᠳ ᠢ ᠪᠦᠲᠦᠮᠵᠢᠲᠡᠢ ᠬᠥᠲᠥᠯᠥᠨ ᠳᠠᠭᠠᠭᠤᠯᠬᠤ ᠳᠤ ᠬᠡᠪᠰᠢᠮᠡᠯ ᠰᠡᠳᠬᠢᠬᠦᠢ ᠶᠢ ᠡᠪᠳᠡᠵᠦ᠂ ᠠᠷᠭ᠎ᠠ ᠪᠦᠬᠦᠨ ᠢ ᠰᠦᠪᠡᠭᠴᠢᠯᠡᠨ ᠵᠠᠯᠠᠭᠤᠴᠤᠳ ᠲᠠᠢ ᠣᠶᠢᠷᠠᠲᠤᠨ᠂ ᠵᠠᠯᠠᠭᠤᠴᠤᠳ ᠤᠨ ᠲᠤᠮᠲᠠ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠮᠡᠳᠡᠭᠡ ᠵᠠᠩᠭᠢ ᠣᠯᠬᠤ ᠳᠠᠳᠬᠠᠯ ᠪᠣᠯᠣᠨ ᠰᠡᠳᠬᠢᠴᠡ ᠶᠢᠨ ᠣᠨᠴᠠᠯᠢᠭ ᠲᠤ ᠢᠳᠡᠪᠬᠢᠲᠡᠢ ᠵᠣᠬᠢᠴᠠᠵᠤ᠂ ᠰᠢᠨ᠎ᠡ ᠵᠠᠭᠤᠴᠢᠯᠠᠭᠤᠷ ᠢ ᠠᠰᠢᠬᠯᠠᠬᠤ᠂ ᠰᠦᠯᠵᠢᠶᠡᠨ ᠤ ᠦᠭᠡ ᠬᠡᠯᠡ ᠶᠢ ᠬᠡᠷᠡᠭᠯᠡᠬᠦ ᠵᠢᠴᠢ ᠵᠠᠯᠠᠭᠤᠴᠤᠳ ᠤᠨ ᠪᠡᠶᠡᠲᠠᠨ ᠤᠶᠢᠯᠠᠭᠠᠬᠤ ᠮᠠᠶ᠋ᠢᠭ ᠤᠨ ᠰᠤᠷᠤᠯᠴᠠᠬᠤ ᠵᠢᠭᠰᠠᠭᠠᠯ ᠤᠨ ᠭᠠᠵᠠᠷ ᠢ ᠪᠠᠶᠢᠭᠤᠯᠵᠤ᠂ ᠵᠠᠯᠠᠭᠤᠴᠤᠳ ᠢ ᠠᠮᠠᠷᠬᠠᠨ ᠬᠦᠯᠢᠶᠡᠨ ᠠᠪᠴᠤ᠂ ᠳᠤᠷᠠᠲᠠᠶ᠎ᠠ ᠤᠯᠠᠮᠵᠢᠯᠠᠨ ᠲᠠᠷᠬᠠᠭᠠᠬᠤ ᠢᠲᠡᠪᠬᠢ ᠬᠦᠴᠦᠨ ᠲᠠᠢ ᠪᠣᠯᠭᠠᠬᠤ ᠨᠢ ᠳᠤᠩ ᠴᠢᠬᠤᠯᠠ᠃ ᠬᠦᠯᠦᠨ ᠪᠤᠶᠢᠷ ᠬᠤᠲᠠ ᠶᠢᠨ ᠵᠠᠯᠠᠭᠤᠴᠤᠳ ᠤᠨ ᠯᠧᠺᠲ᠋ᠣᠷ ᠤᠨ ᠪᠦᠯᠬᠦᠮ ᠤᠨ ᠬᠢᠨ ᠵᠠᠯᠠᠭᠤᠴᠤᠳ ᠢ ᠵᠣᠬᠢᠶᠠᠨ ᠪᠠᠶᠢᠭᠤᠯᠤᠨ ᠬᠢᠯᠢ ᠬᠢᠵᠠᠭᠠᠷ ᠤᠷᠤᠨ ᠢᠶᠠᠷ ᠬᠦᠨᠵᠡᠭᠡᠶᠢᠷᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠭᠤᠯᠵᠤ᠂ ᠤᠨᠤᠯ ᠢ ᠦᠢᠯᠡᠳᠦᠯᠭᠡ ᠶᠢᠨ ᠳᠤᠮᠳᠠ ᠠᠮᠢᠯᠠᠭᠤᠯᠪᠠ᠃       ᠨᠠᠮ ᠤᠨ ᠰᠢᠨ᠎ᠡ ᠡᠭᠦᠲᠦᠯᠲᠡ ᠶᠢᠨ ᠤᠨᠤᠯ ᠢ ᠵᠠᠯᠠᠭᠤᠴᠤᠳ ᠤᠨ ᠲᠠᠷᠢᠬᠢᠨ ᠳᠤ ᠰᠠᠭᠤᠬᠲᠠᠭᠤᠯᠤᠨ ᠰᠡᠳᠬᠢᠯ ᠳᠤ ᠬᠠᠳᠠᠩᠰᠢᠭᠤᠯᠬᠤ ᠳᠤ᠂ ᠬᠦᠰᠡᠯᠡᠩ ᠢᠲᠡᠭᠡᠯ ᠪᠢᠰᠢᠷᠡᠯ ᠡᠷᠡᠰ ᠪᠠᠲᠤ᠂ ︽ᠵᠠᠯᠠᠭᠤᠴᠤᠳ ᠤᠨ ᠦᠭᠡ ᠬᠡᠯᠡ︾ ᠶᠢ ᠴᠢᠳᠠᠮᠠᠭᠠᠢ ᠬᠡᠷᠡᠭᠯᠡᠳᠡᠭ ᠥᠨᠳᠥᠷ ᠬᠡᠪ ᠪᠣᠯᠪᠠᠰᠤᠷᠠᠯ ᠲᠠᠢ᠂ ᠲᠤᠰᠬᠠᠶᠢᠵᠢᠭᠰᠠᠨ᠂ ᠬᠡᠪᠴᠢᠶᠡᠵᠢᠭᠰᠡᠨ ᠵᠠᠯᠠᠭᠤᠴᠤᠳ ᠤᠨ ᠯᠧᠺᠲ᠋ᠣᠷ ᠤᠨ ᠪᠦᠯᠬᠦᠮ ᠢ ᠪᠠᠶᠢᠭᠤᠯᠵᠤ᠂ ᠵᠠᠯᠠᠭᠤᠴᠤᠳ ᠨᠢ ᠵᠠᠯᠠᠭᠤᠴᠤᠳ ᠲᠠᠭᠠᠨ ᠶᠠᠷᠢᠵᠤ᠂ ᠬᠠᠮᠲᠤ ᠶᠢᠨ ᠥᠩᠭᠡᠷᠡᠯᠲᠡ᠂ ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠢ ᠰᠤᠳᠤᠯᠤᠨ ᠶᠠᠷᠢᠯᠴᠠᠪᠠᠯ᠂ ᠵᠠᠯᠠᠭᠤᠴᠤᠳ ᠢ ᠨᠡᠩ ᠬᠢᠯᠪᠠᠷᠬᠠᠨ ᠢᠶᠠᠷ ᠬᠠᠮᠲᠤ ᠶᠢᠨ ᠲᠠᠨᠢᠯᠲᠠ ᠲᠠᠢ ᠪᠣᠯᠭᠠᠵᠤ᠂ ᠬᠠᠮᠲᠤ ᠶᠢᠨ ᠰᠡᠳᠬᠢᠯᠭᠡ ᠲᠠᠢ ᠪᠣᠯᠭᠠᠵᠤ᠂ ᠤᠬᠠᠭᠤᠯᠤᠨ ᠲᠠᠶᠢᠯᠪᠤᠷᠢᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠴᠢᠲᠠᠲᠠᠭ᠃ ᠬᠦᠯᠦᠨ ᠪᠤᠶᠢᠷ ᠬᠤᠲᠠ ᠶᠢᠨ ᠵᠠᠯᠠᠭᠤᠴᠤᠳ ᠤᠨ ᠯᠧᠺᠲ᠋ᠣᠷ ᠤᠨ ᠪᠦᠯᠬᠦᠮ ᠤᠨ ᠬᠢᠨ ᠤᠷᠤᠯᠳᠤᠭᠠᠨ ᠢᠶᠠᠷ ᠲᠠᠮᠵᠢᠨ ᠴᠢᠳᠠᠪᠤᠷᠢᠲᠠᠨ ᠢ ᠰᠢᠯᠢᠨ ᠰᠣᠩᠭᠤᠵᠤ᠂ ᠪᠣᠯᠪᠠᠰᠤᠷᠠᠯ ᠢᠶᠠᠷ ᠤᠷ᠎ᠠ ᠮᠡᠷᠭᠡᠵᠢᠯ ᠢ ᠳᠡᠭᠡᠭᠰᠢᠯᠡᠭᠦᠯᠦᠨ᠂ ᠠᠬᠠᠮᠠᠳ ᠨᠢ ᠰᠢᠨ᠎ᠡ ᠪᠠᠨ ᠳᠠᠭᠠᠭᠤᠯᠬᠤ ᠲᠣᠭᠲᠠᠴᠠ ᠶᠢ ᠪᠠᠶᠢᠭᠤᠯᠤᠨ᠂ ᠬᠠᠮᠲᠤ ᠪᠠᠷ ᠰᠤᠳᠤᠯᠤᠨ ᠶᠠᠷᠢᠯᠴᠠᠵᠤ ᠬᠢᠴᠢᠶᠡᠯ ᠪᠡᠯᠡᠳᠬᠡᠬᠦ᠂ ᠵᠢᠱᠢᠶ᠎ᠡ ᠦᠵᠡᠭᠦᠯᠦᠨ ᠤᠬᠠᠭᠤᠯᠤᠨ ᠲᠠᠶᠢᠯᠪᠤᠷᠢᠯᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠰᠣᠯᠢᠯᠴᠠᠭ᠎ᠠ ᠬᠢᠵᠦ ᠬᠠᠷᠢᠯᠴᠠᠨ ᠲᠣᠯᠢᠯᠠᠬᠤ ᠪᠠᠷ ᠳᠠᠮᠵᠢᠨ ᠬᠠᠮᠲᠤ ᠪᠠᠷ ᠳᠡᠭᠡᠭᠰᠢᠯᠡᠭᠰᠡᠨ ᠨᠢ ᠪᠢᠳᠡᠨ ᠳᠤ ᠰᠤᠷᠤᠯᠴᠠᠬᠤ ᠳᠤᠯᠢᠯᠠᠯ ᠬᠠᠩᠭᠠᠬᠰᠠᠨ ᠪᠠᠶᠢᠨ᠎ᠠ᠃       ᠵᠠᠯᠠᠭᠤᠴᠤᠳ ᠮᠠᠨᠳᠤᠪᠠᠯ ᠤᠯᠤᠰ ᠮᠠᠨᠳᠤᠮᠤᠢ᠂ ᠵᠠᠯᠠᠭᠤᠴᠤᠳ ᠬᠦᠴᠦᠷᠭᠡᠭᠵᠢᠪᠡᠯ ᠤᠯᠤᠰ ᠬᠦᠴᠦᠷᠭᠡᠭᠵᠢᠮᠤᠢ᠃ ᠨᠠᠮ ᠤᠨ ᠰᠢᠨ᠎ᠡ ᠡᠭᠦᠲᠦᠯᠲᠡ ᠶᠢᠨ ᠤᠨᠤᠯ ᠤᠨ ᠳᠠᠮᠵᠢᠭᠤᠯᠭ᠎ᠠ ᠶᠢ ᠨᠡᠩ ᠥᠷᠨᠢᠩᠬᠦᠢ᠂ ᠨᠡᠩ ᠨᠡᠪᠲᠡᠯᠬᠦ ᠬᠦᠴᠦᠨ ᠲᠠᠢ ᠪᠣᠯᠭᠠᠪᠠᠯ᠂ ᠥᠷᠭᠡᠨ ᠤᠯᠠᠨ ᠵᠠᠯᠠᠭᠤᠴᠤᠳ ᠤᠨ ᠦᠨᠳᠦᠰᠦ ᠰᠠᠭᠤᠷᠢ ᠶᠢ ᠪᠠᠳᠤᠳᠬᠠᠨ᠂ ᠰᠦᠭ ᠰᠦᠨᠡᠰᠦ ᠶᠢ ᠱᠤᠭᠤᠵᠤ᠂ ᠤᠶᠤᠨ ᠤᠬᠠᠭᠠᠨ ᠢ ᠰᠡᠩᠬᠡᠷᠡᠭᠦᠯᠵᠦ ᠰᠡᠳᠬᠢᠯ ᠢ ᠤᠮᠳᠠᠯᠠᠬᠤ ᠨᠢ ᠯᠠᠪᠲᠠᠢ︕
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ