ᠬᠥᠳᠡᠯᠮᠦᠷᠢᠴᠢᠳ ᠲᠤ ᠬᠦᠨᠳᠦᠳᠭᠡᠯ ᠳᠡᠪᠰᠢᠭᠦᠯᠵᠦ ᠲᠡᠮᠡᠴᠡᠭᠰᠡᠳ ᠢ ᠮᠠᠭᠲᠠᠨ ᠳᠠᠭᠤᠯᠠᠶ᠎ᠠ
ᠨᠡᠶᠢᠲᠡᠯᠡᠭᠰᠡᠨ ᠴᠠᠭ᠄
2025/5/13
      ᠬᠦᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠵᠤ᠂ ᠤᠷᠠᠨ ᠰᠠᠶᠢᠬᠠᠨ ᠤ ᠲᠣᠬᠤᠨᠢᠭᠤᠯᠬᠤ ᠲᠣᠭᠯᠠᠯᠲᠠ ᠭᠠᠷᠭᠠᠵᠤ᠂ ᠬᠥᠳᠡᠯᠮᠦᠷᠢ ᠶᠢᠨ ᠤᠷᠤᠯᠳᠤᠭᠠᠨ ᠪᠣᠯᠤᠨ ᠮᠡᠷᠭᠡᠵᠢᠯ ᠤᠨ ᠮᠥᠷᠦ᠋ᠴᠡᠭᠡᠨ ᠶᠠᠪᠤᠭᠳᠠᠭᠤᠯᠤᠨ᠎ᠠ ᠁ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠥᠪᠥᠷ ᠮᠣᠩᠭᠤᠯ ᠤᠨ ᠡᠯ᠎ᠡ ᠭᠠᠵᠠᠷ ᠤᠨ ᠬᠢᠨ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠵᠦ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠥᠳᠡᠯᠮᠦᠷᠢᠴᠢᠳ ᠲᠤ ᠬᠦᠨᠳᠦᠳᠭᠡᠯ ᠳᠡᠪᠰᠢᠭᠦᠯᠵᠦ᠂ ᠲᠡᠮᠡᠴᠡᠭᠰᠡᠳ ᠢ ᠮᠠᠭᠲᠠᠨ ᠳᠠᠭᠤᠯᠠᠨ᠎ᠠ᠃       ᠬᠥᠳᠡᠯᠮᠦᠷᠢ ᠪᠣᠯ ᠠᠯᠢᠪᠠ ᠵᠣᠯ ᠵᠢᠷᠭᠠᠯ ᠤᠨ ᠡᠬᠢ ᠪᠤᠯᠠᠭ ᠮᠥᠨ᠃ ᠬᠥᠮᠦᠨ ᠤ ᠵᠢᠷᠲᠢᠨᠴᠦ ᠶᠢᠨ ᠰᠠᠶᠢᠨ ᠰᠠᠶᠢᠬᠠᠨ ᠬᠦᠰᠡᠯ ᠵᠡᠭᠦᠳᠦ ᠶᠢ ᠭᠠᠭᠴᠠ ᠬᠦ ᠬᠥᠳᠡᠯᠮᠦᠷᠢ ᠪᠠᠷ ᠯᠠ ᠪᠡᠶᠡᠯᠡᠭᠦᠯᠵᠤ ᠴᠢᠳᠠᠨ᠎ᠠ︔ ᠬᠥᠭᠵᠢᠯᠲᠡ ᠶᠢᠨ ᠳᠤᠮᠳᠠᠬᠢ ᠡᠯ᠎ᠡ ᠵᠦᠢᠯ ᠤᠨ ᠬᠦᠴᠢᠷ ᠠᠰᠠᠭᠤᠳᠠᠯ ᠢ ᠭᠠᠭᠴᠠ ᠬᠦ ᠬᠥᠳᠡᠯᠮᠦᠷᠢ ᠪᠠᠷ ᠯᠠ ᠰᠢᠢᠳᠪᠦᠷᠢᠯᠡᠵᠦ ᠴᠢᠳᠠᠨ᠎ᠠ︔ ᠠᠮᠢ ᠨᠠᠰᠤᠨ ᠤ ᠠᠯᠢᠪᠠ ᠭᠡᠷᠡᠯ ᠭᠢᠯᠪᠠᠭ᠎ᠠ ᠶᠢ ᠬᠥᠳᠡᠯᠮᠦᠷᠢ ᠪᠠᠷ ᠯᠠ ᠪᠦᠲᠦᠭᠡᠵᠦ ᠴᠢᠳᠠᠨ᠎ᠠ᠃ ᠤᠮᠠᠷᠠᠲᠤ ᠬᠢᠯᠢ ᠶᠢᠨ ᠡᠬᠡ ᠭᠠᠵᠠᠷ ᠢ ᠪᠠᠷᠠᠯᠠᠬᠤᠶ᠎ᠠ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠣᠬᠢᠷᠲᠤᠯ ᠥᠬᠡᠶ ᠲᠡᠶᠢᠨ ᠤ ᠲᠠᠯᠠᠪᠤᠷ ᠠᠴᠠ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠬᠥᠳᠡᠯᠭᠡᠬᠦ ᠬᠦᠴᠦᠨ ᠤ ᠬᠦᠢᠰᠦ ᠬᠦᠷᠲᠡᠯ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠰᠡᠯ ᠡᠷᠡᠮᠡᠯᠵᠡᠯ ᠤᠨ ᠲᠠᠷᠢᠶ᠎ᠠ ᠠᠴᠠ ᠬᠢᠯᠢ ᠳᠠᠭᠠᠤ ᠨᠡᠭᠡᠭᠡᠯᠲᠡ ᠬᠢᠵᠤ ᠠᠮᠢᠵᠢᠷᠠᠯ ᠤᠨ ᠬᠦᠴᠦᠨ ᠪᠢᠯᠬᠠᠭᠰᠠᠨ ᠪᠣᠭᠤᠮᠲᠠ ᠬᠦᠷᠲᠡᠯ᠎ᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠠᠴᠠ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠡᠮᠦᠨ᠎ᠡ ᠹᠷᠣᠨᠲ ᠬᠦᠷᠲᠡᠯ᠎ᠡ᠂ ᠲᠦᠭ ᠲᠦᠮᠡᠨ ᠬᠥᠳᠡᠯᠮᠦᠷᠢᠴᠢᠳ ᠰᠢᠷᠭᠠᠭᠤ ᠬᠥᠳᠡᠯᠮᠦᠷᠢ ᠪᠠᠷ ᠢᠶᠠᠨ ᠥᠪᠥᠷ ᠮᠣᠩᠭᠤᠯ ᠤᠨ ᠬᠥᠭᠵᠢᠯᠲᠡ ᠶᠢᠨ ᠥᠩ ᠰᠢᠮᠡᠯᠢᠭ ᠬᠥᠷᠥᠰᠥ ᠰᠢᠷᠣᠶ ᠶᠢ ᠤᠰᠤᠯᠠᠵᠤ᠂ ᠴᠥᠬᠦᠷᠡᠰᠢ ᠥᠬᠡᠶ ᠲᠡᠮᠡᠴᠡᠯ ᠢᠶᠠᠷ ᠢᠶᠠᠨ ᠤᠮᠠᠷᠠᠲᠤ ᠬᠢᠯᠢ ᠶᠢᠨ ᠬᠥᠭᠵᠢᠯ ᠴᠡᠴᠡᠭᠯᠡᠯ ᠲᠣᠭᠲᠠᠭᠤᠨ ᠤ ᠰᠠᠭᠤᠷᠢ ᠶᠢ ᠪᠠᠬᠢᠵᠢᠭᠦᠯᠵᠤ ᠪᠠᠶᠢᠨ᠎ᠠ᠃ ᠲᠤᠭ᠎ᠠ ᠲᠣᠮᠰᠢ ᠦᠭᠡᠢ ᠬᠥᠳᠡᠯᠮᠦᠷᠢᠴᠢᠳ ᠦᠷᠭᠦᠯᠵᠢᠯᠡᠨ ᠲᠡᠮᠡᠴᠡᠵᠦ᠂ ᠦᠭᠡ ᠳᠠᠭᠤᠨ ᠦᠭᠡᠢ ᠠᠵᠢᠯᠯᠠᠭᠰᠠᠨ ᠢᠶᠠᠷ ᠡᠨᠡ ᠬᠦ ᠨᠤᠲᠤᠭ ᠳᠡᠪᠢᠰᠭᠡᠷ ᠢ ᠠᠮᠢᠵᠢᠷᠠᠯ ᠤᠨ ᠬᠦᠴᠦᠨ ᠢᠶᠠᠷ ᠪᠢᠯᠬᠠᠭᠤᠯᠵᠤ᠂ ᠬᠢᠵᠠᠭᠠᠯᠠᠰᠢ ᠦᠭᠡᠢ ᠪᠣᠯᠤᠮᠵᠢ ᠶᠢ ᠪᠤᠢ ᠪᠤᠯᠭᠠᠭᠰᠠᠨ ᠶᠤᠮ᠃       ᠪᠣᠳᠠᠲᠠᠶ ᠠᠵᠢᠯᠯᠠᠬᠤ᠂ ᠰᠢᠷᠭᠠᠭᠤ ᠲᠡᠮᠡᠴᠡᠬᠦ ᠪᠣᠯ ᠬᠥᠳᠡᠯᠮᠦᠷᠢ ᠶᠢᠨ ᠬᠠᠮᠤᠭ ᠤᠨ ᠭᠤᠤᠯ ᠠᠭᠤᠯᠤᠭᠳᠠᠬᠤᠨ ᠮᠥᠨ᠃ ᠰᠢᠨ᠎ᠡ ᠴᠠᠭ ᠦᠶ᠎ᠡ ᠶᠢᠨ ᠬᠥᠳᠡᠯᠮᠦᠷᠢᠴᠢᠳ ᠰᠤᠷᠤᠯᠴᠠᠬᠤ᠂ ᠠᠵᠢᠯᠯᠠᠬᠤ᠂ ᠰᠤᠳᠤᠯᠬᠤ ᠳᠤ ᠬᠠᠯᠠᠰᠢᠷᠠᠬᠤ ᠦᠭᠡᠢ᠂ ᠵᠢᠩᠬᠢᠨᠢ ᠴᠢᠳᠠᠪᠤᠷᠢ ᠶᠢ ᠡᠵᠡᠮᠰᠢᠵᠦ᠂ ᠮᠡᠷᠭᠡᠵᠢᠯ ᠢ ᠰᠤᠷᠤᠯᠴᠠᠳᠠᠭ ᠯᠡ ᠶᠤᠮ ᠪᠣᠯ ᠬᠥᠳᠡᠯᠮᠦᠷᠢ ᠶᠢᠨ ᠳᠤᠮᠳᠠ ᠦᠷᠳᠡᠭ ᠢᠶᠠᠨ ᠢᠯᠡᠷᠡᠭᠦᠯᠵᠦ᠂ ᠴᠤᠭ ᠵᠢᠪᠬᠤᠭ᠎ᠠ ᠪᠠᠨ ᠢᠯᠡᠷᠡᠭᠦᠯᠵᠦ ᠬᠥᠮᠦᠨ ᠤ ᠠᠮᠢᠳᠤᠷᠠᠯ ᠤᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠲᠠᠪᠴᠠᠩ ᠢᠶᠠᠨ ᠣᠯᠵᠤ ᠴᠢᠳᠠᠨ᠎ᠠ᠃ ᠨᠡᠭᠦᠷᠡᠰᠦᠨ ᠠᠭᠤᠷᠬᠠᠢ ᠳᠤ 19 ᠵᠢᠯ ᠠᠵᠢᠯᠯᠠᠭᠰᠠᠨ ᠸᠠᠩ ᠸᠧᠢ ᠰᠢᠷᠭᠠᠭᠤ ᠴᠢᠷᠮᠠᠶᠢᠯᠭ᠎ᠠ ᠪᠠ ᠤᠶᠤᠨ ᠤᠬᠠᠭᠠᠨ ᠳᠠᠭᠠᠨ ᠲᠦᠰᠢᠭᠯᠡᠨ ᠬᠥᠳᠡᠯᠮᠦᠷᠢ ᠶᠢᠨ ᠬᠡᠯᠪᠡᠷᠢ ᠠᠴᠠ ᠤᠷ᠎ᠠ ᠴᠢᠳᠠᠪᠤᠷᠢ ᠶᠢᠨ ᠬᠡᠯᠪᠡᠷᠢ ᠲᠡᠶᠢᠰᠢ ᠲᠡᠪᠰᠢᠵᠦ᠂ ᠨᠡᠭᠦᠷᠡᠰᠦᠨ ᠤ ᠠᠵᠢᠯ ᠲᠦᠷᠦᠯ ᠤᠨ ︽ᠲᠠᠭᠠᠭᠤᠯᠤᠬᠴᠢ︾ ᠪᠣᠯᠪᠠ︔ ᠲᠦᠷᠭᠡᠨ ᠬᠦᠷᠭᠡᠯᠲᠡ ᠶᠢᠨ ᠠᠵᠢᠯ ᠲᠦᠷᠦᠯ ᠳᠤ 8 ᠵᠢᠯ ᠠᠵᠢᠯᠯᠠᠵᠤ᠂ ᠠᠵᠢᠯ ᠢᠶᠠᠨ ᠲᠠᠰᠤᠷᠠᠯᠳᠠ ᠦᠭᠡᠢ ᠳ᠋ᠦᠩᠨᠡᠵᠤ᠂ ᠤᠳᠠᠭ᠎ᠠ ᠳᠠᠷᠠᠭᠠᠯᠠᠨ ᠰᠢᠯᠢᠳᠡᠭ ᠠᠮᠵᠢᠯᠲᠠ ᠣᠯᠵᠤ᠂ ᠲᠦᠷᠭᠡᠨ ᠬᠦᠷᠭᠡᠭᠴᠢ ᠯᠢ ᠰᠢᠶᠤᠤ ᠸᠠᠩ ᠤᠯᠠᠨ ᠤ ᠨᠢᠳᠦᠨ ᠳᠠᠬᠢ ︽ᠪᠦᠷᠢᠨ ᠴᠢᠳᠠᠪᠤᠷᠢᠲᠤ ᠸᠠᠩ︾ ᠪᠣᠯᠪᠠ ᠁ ᠤᠮᠠᠷᠠᠲᠤ ᠬᠢᠯᠢ ᠶᠢᠨ ᠬᠥᠳᠡᠯᠮᠦᠷᠢ ᠶᠢᠨ ᠵᠢᠱᠢᠶᠡᠴᠢ ᠶᠢᠨ ᠦᠯᠢᠭᠡᠷ ᠤᠳ ᠨᠢ ᠯᠠᠪᠳᠠᠭᠤᠨ ᠪᠠᠲᠤᠲᠠᠢ ᠬᠥᠳᠡᠯᠮᠦᠷᠢᠯᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠳᠠᠭ ᠯᠠ ᠶᠤᠮ ᠪᠣᠯ ᠡᠭᠡᠯ ᠵᠢᠷ ᠤᠨ ᠠᠵᠢᠯ ᠤᠨ ᠪᠠᠶᠢᠷᠢᠨ ᠳᠤ ᠴᠤ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ᠂ ᠥᠪᠡᠷ ᠤᠨ ᠭᠡᠷᠡᠯ ᠭᠢᠯᠪᠠᠭ᠎ᠠ ᠪᠠᠨ ᠰᠠᠴᠤᠷᠠᠭᠤᠯᠵᠤ ᠴᠢᠳᠠᠨ᠎ᠠ ᠭᠡᠳᠡᠭ ᠢ ᠪᠢᠳᠡᠨ ᠳᠤ ᠬᠡᠯᠡᠵᠤ ᠦᠭᠴᠠᠢ᠃       ᠬᠥᠳᠡᠯᠮᠦᠷᠢ ᠶᠢᠨ ᠵᠢᠱᠢᠶᠡᠴᠢᠳ ᠲᠤ ᠬᠦᠨᠳᠦᠳᠭᠡᠯ ᠳᠡᠪᠰᠢᠭᠦᠯᠵᠤ ᠲᠡᠮᠡᠴᠡᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠤᠮᠠᠷᠠᠲᠤ ᠬᠢᠯᠢ ᠶᠢᠨ ᠬᠥᠪᠡᠭᠦᠳ ᠥᠬᠢᠳ ᠪᠦᠷᠢ ᠶᠢᠨ ᠬᠤᠪᠢ ᠨᠡᠮᠡᠷᠢ ᠪᠠ ᠴᠢᠷᠮᠠᠶᠢᠯᠭ᠎ᠠ ᠠᠴᠠ ᠰᠠᠯᠵᠤ ᠴᠢᠳᠠᠬᠤ ᠥᠬᠡᠶ ᠶᠤᠮ᠃ ᠪᠢᠳᠡ ᠬᠥᠳᠡᠯᠮᠦᠷᠢ ᠶᠢᠨ ᠵᠢᠱᠢᠶᠡᠴᠢ ᠪᠠᠷ ᠦᠯᠢᠭᠡᠷ ᠳᠠᠭᠤᠷᠢᠶᠠᠯ ᠪᠣᠯᠭᠠᠵᠤ᠂ ᠬᠢᠭᠰᠡᠨ ᠠᠵᠢᠯ ᠢᠶᠠᠨ ᠬᠠᠶᠢᠷᠠᠯᠠᠵᠤ᠂ ᠲᠤᠬᠠᠶᠢᠯᠠᠭᠰᠠᠨ ᠠᠵᠢᠯ ᠳᠠᠭᠠᠨ ᠮᠡᠷᠭᠡᠰᠢᠵᠦ᠂ ᠰᠢᠷᠭᠠᠭᠤ ᠬᠠᠲᠠᠭᠤᠵᠢᠯᠲᠠᠶ ᠠᠵᠢᠯᠯᠠᠵᠤ᠂ ᠴᠥᠬᠦᠷᠡᠰᠢ ᠦᠭᠡᠢ ᠵᠢᠳᠬᠦᠵᠦ᠂ ᠡᠬᠡ ᠤᠯᠤᠰ ᠤᠨ ᠤᠮᠠᠷᠠᠲᠤ ᠬᠢᠯᠢ ᠶᠢᠨ ᠬᠦᠷ ᠬᠦᠭᠵᠢᠶᠡᠨᠳᠤ ᠰᠢᠨ᠎ᠡ ᠦᠵᠡᠮᠵᠢ ᠶᠢ ᠬᠠᠮᠲᠤ ᠪᠠᠷ ᠵᠢᠷᠤᠭᠯᠠᠶ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ