ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠡᠷᠭᠡᠳᠡᠬᠢ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/13
      ᠡᠨᠡ ᠵᠢᠯ ᠪᠣᠯ ᠮᠠᠨ ᠤ ᠤᠯᠤᠰ ᠤᠨ 17 ᠳ᠋ᠤᠭᠠᠷ ᠪᠦᠬᠦ ᠤᠯᠤᠰ ᠤᠨ ︽ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ︾ ᠪᠣᠯᠤᠨ᠎ᠠ᠃
5.13应急1.png
      ᠠᠵᠢᠯᠯᠠᠭ᠎ᠠ ᠶᠢᠨ ᠬᠤᠭᠤᠴᠠᠭᠠᠨ ᠳᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠤᠬᠠᠶ ᠶᠢᠨ ᠲᠠᠯᠠᠪᠤᠷ ᠲᠤ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠵᠢᠷᠤᠭ ᠨᠠᠭᠠᠬᠤ᠂ ᠤᠬᠠᠭᠤᠯᠭ᠎ᠠ ᠶᠢᠨ ᠵᠢᠷᠤᠭ ᠨᠠᠭᠠᠬᠤ ᠵᠡᠷᠭᠡ ᠠᠷᠭ᠎ᠠ ᠮᠠᠶ᠋ᠢᠭ ᠢᠶᠠᠷ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠶᠢᠨ ᠬᠠᠮᠲᠤ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠠᠭᠤᠷᠬᠠᠶ ᠶᠢᠨ ᠠᠪᠤᠷᠠᠨ ᠲᠤᠰᠠᠯᠠᠬᠤ ᠠᠩᠭᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠥᠷᠭᠡᠨ ᠣᠯᠠᠨ ᠲᠦᠮᠡᠨ ᠳᠤ ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢᠨ ᠲᠤᠬᠠᠶ ᠨᠠᠷᠢᠨ ᠲᠠᠶᠢᠯᠤᠮᠵᠢ ᠬᠢᠪᠠ᠃      ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠣᠯᠠᠨ ᠶᠠᠩᠵᠤ ᠬᠡᠯᠪᠡᠷᠢ ᠶᠢᠨ᠂ ᠠᠭᠤᠯᠭ᠎ᠠ ᠪᠠᠷ ᠠᠮᠢᠳᠤᠯᠢᠭ ︽ᠨᠡᠶᠢᠭᠡᠮ ᠲᠣᠭᠤᠷᠢᠭ᠂ ᠬᠡᠷ ᠪᠦᠯᠢ᠂ ᠰᠤᠷᠭᠠᠭᠤᠯᠢ᠂ ᠠᠵᠤ ᠠᠬᠤᠶᠢᠯᠠᠯ᠂ ᠮᠠᠯᠵᠢᠬᠤ ᠣᠷᠣᠨ ᠳᠤ ᠣᠷᠣᠬᠤ︾ ᠠᠵᠢᠯᠯᠠᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠡᠴᠦᠰ ᠤᠨ ᠨᠢᠭᠡ ᠺᠢᠯᠤᠮᠧᠲᠷ ᠢ ᠨᠡᠪᠲᠡᠷᠡᠭᠦᠯᠵᠦ᠂ ᠪᠥᠬᠦ ᠨᠡᠶᠢᠭᠡᠮ ᠢᠶᠠᠷ ᠢᠶᠠᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠳᠤ ᠬᠠᠮᠲᠤ ᠪᠠᠷ ᠣᠷᠣᠯᠴᠠᠬᠤ ᠠᠭᠤᠷ ᠠᠮᠢᠰᠬᠤᠯ ᠢ ᠪᠣᠶ ᠪᠣᠯᠭᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ