ᠡᠨᠡ ᠵᠢᠯ ᠤᠨ 5 ᠳ᠋ᠤᠭᠠᠷ ᠰᠠᠷ᠎ᠠ ᠪᠣᠯ ᠲᠠᠪᠤᠳᠤᠭᠠᠷ ︽ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ︾ ᠪᠣᠯᠤᠨ᠎ᠠ᠃ ᠰᠢ ᠶᠢᠨ ᠫᠢᠩ ᠤᠨ | ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠬᠤ ᠶᠢᠨ ᠲᠥᠯᠥᠭᠡ᠂ 5 ᠰᠠᠷ᠎ᠠ ᠶᠢᠨ | 12 ᠤᠨ ᠡᠳᠦᠷ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠥᠯᠥᠨ ᠬᠠᠤᠯᠢ ᠴᠠᠭᠠᠵᠠ ᠶᠢᠨ ᠭᠠᠵᠠᠷ ︽ᠢᠷᠭᠡᠨ ᠤ ᠬᠠᠤᠯᠢ ᠶᠢᠨ ᠪᠢᠴᠢᠭ ᠢ ᠠᠵᠤ | ᠠᠬᠤᠶᠢᠯᠠᠯ ᠳᠤ ᠣᠷᠣᠭᠤᠯᠬᠤ︾ ᠬᠠᠤᠯᠢ ᠲᠦᠭᠡᠮᠡᠯᠵᠢᠭᠦᠯᠬᠦ ᠲᠤᠰᠬᠠᠶ ᠠᠵᠢᠯᠯᠠᠭ᠎ᠠ ᠥᠷᠨᠢᠭᠦᠯᠵᠦ᠂ ᠰᠠᠶᠢᠨ ᠦᠷ᠎ᠡ ᠪᠦᠲᠦᠮᠵᠢ ᠤᠯᠪᠠ᠃ | | | | ᠠᠵᠢᠯᠯᠠᠭ᠎ᠠ ᠶᠢᠨ ᠬᠤᠭᠤᠴᠠᠭᠠᠨ ᠳᠤ᠂ ᠬᠠᠤᠯᠢ ᠴᠠᠭᠠᠵᠠ ᠶᠢᠨ ᠭᠠᠵᠠᠷ ᠬᠥᠯᠥᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ | ᠲᠠᠰᠤᠭ ᠤᠨ ᠬᠥᠮᠦᠰ ᠲᠠᠢ ᠬᠤᠯᠪᠣᠭᠠᠯᠠᠨ ᠬᠠᠤᠯᠢ ᠲᠦᠭᠡᠮᠡᠯᠵᠢᠭᠦᠯᠬᠦ ᠡᠩᠨᠡᠭᠡ ᠶᠢ ᠪᠠᠶᠢᠭᠤᠯᠵᠤ᠂ ᠰᠠᠭᠤᠭ᠎ᠠ ᠠᠵᠤ ᠠᠬᠤᠶᠢᠯᠠᠯ ᠳᠤ ᠭᠦᠨᠵᠡᠭᠡᠶᠢᠷᠡᠨ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾ ︽ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠵᠡᠷᠭᠡ | ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠢᠯᠲᠠᠳ ᠲᠠᠢ ᠨᠢᠭᠤᠷᠲᠠᠨ ᠰᠣᠯᠢᠯᠴᠠᠵᠤ᠂ ᠢᠷᠭᠡᠨ ᠤ ᠬᠠᠤᠯᠢ ᠶᠢᠨ ᠪᠢᠴᠢᠭ ᠲᠤ ᠭᠡᠷ᠎ᠡ ᠲᠣᠭᠲᠠᠬᠤ᠂ | ᠭᠦᠢᠴᠡᠳᠬᠡᠬᠦ᠂ ᠬᠤᠪᠢᠷᠠᠭᠤᠯᠬᠤ᠂ ᠳᠠᠭᠤᠰᠬᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠦ | ᠂ ᠠᠵᠤ ᠠᠬᠤᠶᠢᠯᠠᠯ ᠢ ᠬᠠᠪᠰᠤᠷᠤᠨ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠨᠢ ᠴᠢᠩᠭᠠᠷᠠᠭᠤᠯᠪᠠ᠃ | ᠲᠣᠰ ᠤᠳᠠᠭᠠᠨ ᠤ ᠠᠵᠢᠯᠯᠠᠭ᠎ᠠ ᠨᠢ ᠠᠵᠤ ᠠᠬᠤᠶᠢᠯᠠᠯ ᠪᠠ ᠠᠵᠢᠯᠲᠠᠳ ᠤᠨ ᠬᠠᠤᠯᠢ ᠴᠠᠭᠠᠵᠠ ᠶᠢᠨ ᠤᠬᠠᠮᠰᠠᠷ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ | ᠪᠠᠰᠠ ᠬᠠᠤᠯᠢ ᠪᠠᠷ ᠵᠠᠰᠠᠬᠤ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠠᠵᠤ ᠠᠬᠤᠶᠢᠯᠠᠯ ᠤᠨ ᠡᠷᠡᠭᠦᠯ ᠲᠣᠭᠲᠠᠭᠤᠨ ᠢᠶᠠᠷ | ᠬᠥᠭᠵᠢᠬᠦ ᠶᠢ ᠠᠬᠢᠭᠤᠯᠬᠤ ᠳᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠥᠯᠥᠨ ᠬᠠᠤᠯᠢ ᠴᠠᠭᠠᠵᠠ ᠶᠢᠨ ᠭᠠᠵᠠᠷ | ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠤᠮᠠᠷᠠᠲᠤ ᠬᠢᠯᠢ ᠶᠢᠨ ᠬᠠᠥᠯᠢ ᠪᠠᠷ ᠵᠠᠰᠠᠬᠤ ᠰᠣᠶᠣᠯ ᠤᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠠᠤᠯᠢ ᠲᠦᠭᠡᠮᠡᠯᠵᠢᠭᠦᠯᠬᠦ︾ ᠬᠡᠯᠪᠡᠷᠢ ᠶᠢᠨ ᠰᠢᠨ᠎ᠡ ᠶᠢ ᠡᠭᠦᠳᠴᠦ᠂ ᠬᠠᠤᠯᠢ ᠲᠦᠭᠡᠮᠡᠯᠵᠢᠭᠦᠯᠬᠦ | ᠠᠭᠤᠯᠭ᠎ᠠ ᠶᠢ ᠪᠠᠶᠠᠯᠢᠭᠵᠢᠭᠤᠯᠤᠨ᠂ ︽ᠬᠠᠤᠯᠢ ᠴᠠᠭᠠᠵᠠ ᠶᠢ ᠠᠵᠤ ᠠᠬᠤᠶᠢᠯᠠᠯ ᠳᠤ ᠣᠷᠣᠭᠤᠯᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠬᠠᠤᠯᠢᠵᠢᠯ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ | | | |