ᠶᠡᠭᠡ ᠰᠠᠯᠬᠢᠨ ᠤ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ
ᠨᠡᠶᠢᠲᠡᠯᠡᠭᠰᠡᠨ ᠴᠠᠭ᠄
2025/5/14
      ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠲᠣᠪᠴᠢᠶ᠎ᠠ 2025 ᠣᠨ ᠤ 5 ᠰᠠᠷ᠎ᠠ ᠶᠢᠨ 14 ᠤ ᠡᠳᠦᠷ ᠤᠨ 16 ᠴᠠᠭ 33 ᠮᠢᠨᠦ᠋ᠲ ᠲᠤ ᠶᠡᠭᠡ ᠰᠠᠯᠬᠢᠨ ᠤ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠪᠡ᠄      ᠵᠢᠱᠢᠯᠲᠡ ᠪᠠᠷ᠂ 2025 ᠣᠨ ᠤ 5 ᠰᠠᠷ᠎ᠠ ᠶᠢᠨ 15 ᠤ ᠡᠳᠦᠷ ᠤᠨ 07 ᠴᠠᠭ ᠠᠴᠠ 5 ᠰᠠᠷ᠎ᠠ ᠶᠢᠨ 15 ᠤ ᠡᠳᠦᠷ ᠤᠨ 19 ᠴᠠᠭ ᠪᠣᠯᠲᠠᠯ᠎ᠠ᠂ ᠠᠯᠳ᠋ᠬᠠᠮᠡᠭᠡᠯ ᠪᠠᠯᠭᠠᠰᠤ᠂ ᠠᠷᠤᠬᠠᠰᠢᠶᠠᠲᠤ ᠪᠠᠯᠭᠠᠰᠤ᠂ ᠬᠥᠯᠥᠨ ᠪᠠᠯᠭᠠᠰᠤ᠂ ᠪᠣᠶᠢᠷ ᠰᠤᠮᠤ᠂ ᠬᠡᠷᠦᠯᠦᠨ ᠰᠤᠮᠤ᠂ ᠲᠡᠯᠡᠶ ᠰᠤᠮᠤ ᠪᠠ ᠪᠣᠭᠳᠠᠠᠭᠤᠯᠠ ᠰᠣᠮᠣ ᠵᠡᠷᠭᠡ ᠭᠠᠵᠠᠷ ᠲᠤ 9 ᠳᠡᠰ ᠠᠴᠠ ᠳᠡᠭᠡᠭᠰᠢᠬᠢ ᠰᠠᠯᠬᠢ ᠰᠠᠯᠬᠢᠯᠠᠬᠤ ᠪᠣᠯᠣᠨ᠎ᠠ᠃ ᠬᠤᠯᠪᠣᠭᠳᠠᠯ ᠪᠦᠬᠦᠢ ᠨᠢᠭᠡᠴᠡ ᠪᠠ ᠬᠥᠮᠥᠰ ᠰᠡᠷᠭᠡᠶᠢᠯᠡᠨ ᠬᠠᠮᠠᠭᠠᠯᠠᠬᠤ ᠪᠡᠯᠡᠳᠬᠡᠯ ᠠᠵᠢᠯ ᠢ ᠰᠠᠶᠢᠲᠤᠷ ᠬᠢᠭᠡᠷᠡᠢ᠃      ᠰᠡᠷᠭᠡᠶᠢᠯᠡᠯᠲᠡ ᠬᠢᠬᠦ ᠵᠢᠯᠣᠭᠤᠳᠣᠮᠵᠢ᠄      1. ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠶᠡᠭᠡ ᠰᠠᠯᠬᠢᠨ ᠠᠴᠠ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ︔      2. ᠬᠡᠭᠡᠷ᠎ᠡ ᠭᠠᠳᠠᠨ᠎ᠠ ᠪᠠ ᠦᠨᠳᠦᠷ ᠭᠠᠵᠠᠷ ᠲᠤ ᠠᠵᠢᠯᠯᠠᠬᠤ ᠪᠠᠨ ᠵᠣᠭᠰᠣᠵᠤ᠂ ᠠᠶᠤᠯᠲᠠᠢ ᠣᠷᠣᠨ ᠪᠦᠰᠡ ᠳᠠᠬᠢ ᠬᠦᠮᠦᠰ ᠪᠠ ᠨᠤᠷᠠᠬᠤ ᠠᠶᠤᠯᠲᠠᠢ ᠭᠡᠷ ᠪᠠᠶᠢᠰᠢᠩ ᠳᠠᠬᠢ ᠰᠠᠭᠤᠭᠠᠯᠢ ᠠᠷᠠᠳ ᠢ ᠠᠮᠤᠷ ᠲᠦᠪᠰᠢᠨ ᠭᠠᠵᠠᠷ ᠲᠤ ᠰᠢᠯᠵᠢᠭᠦᠯᠬᠦ ᠬᠡᠷᠡᠭᠲᠡᠢ᠃      3. ᠭᠡᠷ ᠤᠨ ᠭᠠᠳᠠᠨᠠᠬᠢ ᠠᠶᠤᠯᠲᠠᠢ ᠴᠠᠬᠢᠯᠭᠠᠨ ᠤ ᠰᠤᠷᠪᠤᠯᠵᠢ ᠶᠢ ᠲᠠᠰᠤᠯᠵᠤ᠂ ᠶᠡᠭᠡ ᠰᠠᠯᠬᠢᠨ ᠤ ᠨᠦᠯᠦᠭᠡ ᠶᠢ ᠠᠮᠠᠷᠬᠠᠨ ᠬᠦᠷᠲᠡᠬᠦ ᠭᠡᠷ ᠤᠨ ᠭᠠᠳᠠᠨᠠᠬᠢ ᠡᠳ᠋ ᠪᠣᠳᠠᠰ ᠢ ᠲᠣᠬᠢᠲᠠᠢ ᠲᠦᠪᠬᠢᠨᠡᠭᠦᠯᠵᠦ᠂ ᠪᠠᠷᠢᠯᠭ᠎ᠠ ᠶᠢᠨ ᠡᠳ᠋ ᠪᠣᠳᠠᠰ ᠢ ᠰᠠᠶᠢᠲᠤᠷ ᠳᠠᠷᠤᠵᠤ ᠪᠦᠲᠡᠭᠡᠬᠦ ᠬᠡᠷᠡᠭᠲᠡᠢ︔      4. ᠵᠠᠮ ᠬᠠᠷᠢᠯᠴᠠᠭᠠᠨ ᠤ ᠰᠠᠯᠠᠭ᠎ᠠ ᠮᠦᠴᠢᠷ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠠᠪᠴᠤ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠭ᠎ᠠ ᠨᠢᠭᠡᠴᠡ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠶᠢ ᠠᠩᠬᠠᠷᠬᠤ ᠬᠡᠷᠡᠭᠲᠡᠢ᠃                           ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠲᠣᠪᠴᠢᠶ᠎ᠠ                            2025 ᠣᠨ ᠤ 5 ᠰᠠᠷ᠎ᠠ ᠶᠢᠨ 14 ᠤ ᠡᠳᠦᠷ
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ